ᠥᠪᠥᠷ ᠮᠣᠩᠭᠤᠯ ᠤᠨ ᠲᠣᠭᠠᠴᠢᠯᠠᠭᠰᠠᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 15 ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/13
    ᠥᠪᠥᠷ ᠮᠣᠩᠭᠤᠯ ᠤᠨ ᠲᠣᠭᠠᠴᠢᠯᠠᠭᠰᠠᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ     ᠵᠡᠷᠭᠡ 15 ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ     ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ       ᠲᠢᠩᠬᠢᠮ ᠤᠨ ᠠᠯᠪᠠᠨ ᠵᠠᠷᠯᠠᠯᠨᠡᠶᠢᠭᠡᠮ ᠨᠡᠶᠢᠲᠡ ᠳᠤ᠄    ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ ᠪᠠᠷᠢᠮᠵᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠢ ᠬᠠᠮᠵᠢᠨ ᠵᠠᠰᠠᠮᠠᠯ ᠵᠠᠮ ᠤᠨ ᠪᠠᠷᠢᠯᠭ᠎ᠠ ᠶᠢᠨ ᠬᠠᠮᠢᠶ᠎ᠠ ᠪᠥᠬᠦᠶ ᠬᠢᠷᠢ ᠬᠡᠮ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠠᠵᠢᠯ ᠲᠥᠷᠥᠯ ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ ᠮᠣᠩᠭᠤᠯ ᠤᠨ ᠲᠣᠭᠠᠴᠢᠯᠠᠭᠰᠠᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 15 ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃ ᠵᠠᠷᠯᠠᠨ ᠨᠡᠶᠢᠲᠡᠯᠡᠬᠦ ᠴᠠᠭ ᠨᠢ 2024 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ ᠠᠴᠠ 2024 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠨ᠎ᠠ᠃    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠂ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠶ ︵ᠰᠢᠦᠳᠠᠨ ᠢᠶᠠᠷ ᠢᠯᠡᠭᠡᠬᠦ ᠮᠠᠲ᠋ᠧᠷᠢᠶᠠᠯ ᠨᠢ ᠰᠢᠦᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ ᠬᠡᠷᠡᠭᠲᠡᠶ᠃    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020    ᠬᠠᠷᠢᠯᠴᠠᠬᠤ ᠬᠥᠮᠥᠨ᠄ ᠸᠠᠩ ᠹᠠᠩ  ᠶᠠᠩ ᠯᠢ ᠱᠢ    ᠬᠠᠷᠢᠯᠴᠠᠬᠤ ᠤᠲᠠᠰᠤ᠄ 0471 - 6969040    ᠢᠮᠧᠯ᠄ nmgjtjsc@126.com᠃        ᠳᠠᠭᠠᠯᠳᠤᠭᠤᠯᠤᠯ᠄ ᠵᠠᠰᠠᠮᠠᠯ ᠵᠠᠮ ᠤᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠤᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ᠂ xls             ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                2024 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ  
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号