11 ᠳ᠋ᠦ᠋ᠭᠡᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠮᠢᠶ᠎ᠠ ᠪᠥᠬᠦᠶ ᠨᠢᠭᠡᠴᠢ ᠶᠢ ᠵᠣᠬᠢᠶᠠᠨ ᠪᠠᠶᠢᠭᠤᠯᠤᠨ 111 ᠤᠯᠤᠰ ᠤᠨ | ᠵᠠᠮ ᠤᠨ ᠲᠡᠩᠬᠡ ᠠᠴᠠ ᠭᠠᠨ ᠾᠧ ᠲᠠᠷᠢᠶᠠᠯᠠᠩ ᠤᠨ ᠲᠠᠯᠠᠪᠠᠶ ᠬᠥᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ | ︵ᠳᠣᠷᠣᠭᠰᠢ ︽ᠲᠡᠩᠬᠡ ᠠᠴᠠ ᠭᠠᠨ ᠾᠧ ᠲᠠᠷᠢᠶᠠᠯᠠᠩ ᠤᠨ ᠲᠠᠯᠠᠪᠠᠢ ᠬᠦᠷᠬᠦ ᠵᠠᠰᠠᠮᠠᠯ ᠵᠠᠮ︾ ᠭᠡᠵᠦ ᠲᠣᠪᠴᠢᠯᠠᠨ᠎ᠠ︶ | ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠲᠤᠰᠢᠶᠠᠵᠤ ᠰᠢᠯᠭᠠᠨ ᠠᠪᠬᠤ ᠠᠵᠢᠯ ᠢ | ᠥᠷᠨᠢᠭᠦᠯᠪᠡ᠃ | | | | ᠲᠡᠩᠬᠡ ᠠᠴᠠ ᠭᠠᠨ ᠾᠧ ᠲᠠᠷᠢᠶᠠᠯᠠᠩ ᠤᠨ ᠲᠠᠯᠠᠪᠠᠢ ᠬᠦᠷᠬᠦ ᠵᠠᠰᠠᠮᠠᠯ ᠵᠠᠮ ᠤᠨ ᠪᠠᠷᠢᠯᠭ᠎ᠠ ᠲᠤᠰᠢᠶᠠᠭᠰᠠᠨ ᠢ | ᠰᠢᠯᠭᠠᠨ ᠠᠪᠬᠤ ᠳᠤᠭᠤᠶᠢᠯᠠᠩ ︽ᠵᠠᠰᠠᠮᠠᠯ ᠵᠠᠮ ᠤᠨ ᠪᠠᠷᠢᠯᠭ᠎ᠠ ᠳᠠᠭᠤᠰᠬᠤ ︵ᠲᠤᠰᠢᠶᠠᠬᠤ︶ ᠠᠵᠢᠯ ᠢ ᠰᠢᠯᠭᠠᠨ | ᠠᠪᠬᠤ ᠠᠷᠭ᠎ᠠ︾ ᠵᠢᠴᠢ ᠬᠡᠷᠡᠭᠵᠢᠭᠦᠯᠬᠦ ᠨᠠᠷᠢᠨ ᠳᠦᠷᠢᠮ ᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠳᠤ | ᠣᠷᠣᠯᠴᠠᠭᠰᠠᠨ ᠨᠢᠭᠡᠴᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ | ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠢᠨᠵᠢᠬᠦ᠂ ᠳᠣᠲᠣᠭᠠᠳᠤ ᠠᠵᠢᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠷᠢᠯᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠰᠢᠯᠭᠠᠨ ᠠᠪᠴᠤ᠂ | ᠲᠡᠩᠬᠡ ᠠᠴᠠ ᠭᠠᠨ ᠾᠧ ᠲᠠᠷᠢᠶᠠᠯᠠᠩ ᠤᠨ ᠲᠠᠯᠠᠪᠠᠢ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠨᠢᠭᠡᠨᠲᠡ ᠵᠢᠷᠤᠵᠤ | ᠲᠥᠯᠦᠪᠯᠡᠭᠰᠡᠨ ᠪᠠ ᠭᠡᠷ᠎ᠡ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠪᠠᠷᠢᠬᠤ ᠪᠦᠬᠦ ᠠᠭᠤᠯᠭ᠎ᠠ ᠶᠢ ᠪᠡᠶᠡᠯᠡᠭᠦᠯᠵᠦ᠂ | ᠦᠢᠯᠡᠴᠢᠯᠡᠭᠡᠨ ᠤ ᠴᠢᠳᠠᠮᠵᠢ ᠨᠢ ᠪᠦᠷᠢᠨ ᠭᠦᠢᠴᠡᠳ᠂ ᠪᠠᠷᠢᠯᠭ᠎ᠠ ᠲᠤᠰᠢᠶᠠᠵᠤ ᠰᠢᠯᠭᠠᠨ ᠠᠪᠬᠤ ᠮᠠᠲ᠋ᠧᠷᠢᠶᠠᠯ ᠨᠢ | ᠪᠦᠷᠢᠨ ᠭᠦᠢᠴᠡᠳ᠂ ᠪᠠᠷᠢᠯᠭ᠎ᠠ ᠶᠢᠨ ᠶᠠᠰᠤ ᠴᠢᠨᠠᠷ ᠨᠢ ᠬᠢᠷᠢ ᠲᠡᠩᠴᠡᠭᠰᠡᠨ᠂ ᠪᠠᠷᠢᠯᠭ᠎ᠠ ᠲᠤᠰᠢᠶᠠᠭᠰᠠᠨ ᠢ ᠰᠢᠯᠭᠠᠨ | ᠠᠪᠬᠤ ᠱᠠᠭᠠᠷᠳᠠᠯᠭ᠎ᠠ ᠳᠤ ᠨᠡᠶᠢᠴᠡᠭᠰᠡᠨ ᠭᠡᠵᠦ ᠰᠠᠨᠠᠯ ᠨᠢᠭᠡᠲᠡᠶ ᠦᠵᠡᠵᠦ᠂ ᠪᠠᠷᠢᠯᠭ᠎ᠠ ᠲᠤᠰᠢᠶᠠᠵᠤ ᠰᠢᠯᠭᠠᠨ ᠠᠪᠬᠤ ᠶᠢ | ᠪᠠᠲᠤᠯᠠᠪᠠ᠃ ᠲᠥᠷᠥᠯ ᠵᠦᠢᠯ ᠤᠨ ᠪᠠᠷᠢᠯᠭ᠎ᠠ ᠲᠤᠰᠢᠶᠠᠵᠤ ᠰᠢᠯᠭᠠᠨ ᠠᠪᠤᠭᠰᠠᠨ ᠨᠢ ᠲᠣᠰ ᠬᠡᠰᠡᠭ ᠤᠨ ᠵᠠᠰᠠᠮᠠᠯ ᠵᠠᠮ | ᠵᠢᠩᠬᠢᠨᠢ ᠪᠠᠷ ᠲᠡᠷᠭᠡ ᠨᠡᠪᠲᠡᠷᠡᠵᠦ ᠲᠤᠷᠰᠢᠨ ᠡᠵᠡᠩᠨᠡᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠲᠡᠩᠬᠡ ᠠᠴᠠ ᠭᠠᠨ ᠾᠧ ᠲᠠᠷᠢᠶᠠᠯᠠᠩ ᠤᠨ ᠲᠠᠯᠠᠪᠠᠢ ᠬᠦᠷᠬᠦ ᠵᠠᠰᠠᠮᠠᠯ ᠵᠠᠮ ᠨᠢ ᠥᠪᠡᠷᠲᠡᠭᠡᠨ ᠵᠠᠰᠠᠬᠤ ᠣᠷᠣᠨ ᠤ | ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠨᠢᠭᠡ ᠬᠡᠰᠡᠭ ᠪᠣᠯᠤᠭᠰᠠᠨ ᠤ ᠬᠤᠪᠢ ᠳᠤ᠂ | ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ ︵2013 ᠤᠨ - 2030 ᠣᠨ︶︾ ᠶᠢᠨ | ᠡᠩ ᠤᠨ ᠤᠯᠤᠰ ᠤᠨ ᠵᠠᠮ ᠤᠨ ᠲᠣᠣᠷ ᠤᠨ ᠳᠣᠲᠣᠷᠠᠬᠢ 12 ᠵᠤᠷᠪᠤᠰ ᠨᠡᠶᠢᠰᠯᠡᠯ ᠤᠨ ᠰᠠᠴᠤᠷᠠᠭ ᠱᠤᠭᠤᠮ ᠤᠨ | ᠨᠢᠭᠡ ᠪᠣᠯᠬᠤ 111 ᠤᠯᠤᠰ ᠤᠨ ᠵᠠᠮ ᠤᠨ ᠪᠡᠭᠡᠵᠢᠩ ᠠᠴᠠ ᠮᠥᠸᠧ ᠾᠧ ᠬᠦᠷᠬᠦ ᠵᠠᠰᠠᠮᠠᠯ ᠵᠠᠮ ᠤᠨ ᠴᠢᠬᠤᠯᠠ | ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠬᠥᠯᠥᠨ ᠪᠤᠶᠢᠷ ᠬᠤᠳᠠ ᠶᠢᠨ ᠭᠤᠣᠯᠳᠠᠯᠭ᠎ᠠ ᠲᠠᠢ | ᠲᠥᠯᠥᠪᠵᠢᠭᠦᠯᠭᠡ ᠶᠢᠨ ᠭᠤᠯᠳᠤ ᠵᠠᠰᠠᠮᠠᠯ ᠵᠠᠮ ᠪᠠᠶᠢᠵᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠣᠯᠣᠨ ᠬᠠᠷᠠᠮᠥ᠋ᠷᠡᠨ ᠮᠤᠵᠢ ᠳᠤ ᠨᠡᠪᠲᠡᠷᠡᠬᠦ | ᠴᠢᠬᠤᠯᠠ ᠲᠡᠭᠡᠭᠡᠪᠦᠷᠢ ᠶᠢᠨ ᠵᠠᠮ ᠪᠣᠯᠣᠨ᠎ᠠ᠃ | ᠲᠣᠰ ᠲᠥᠷᠥᠯ ᠵᠦᠢᠯ ᠨᠢ ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠬᠢᠯᠢ ᠳᠤ ᠪᠠᠶᠢᠷᠢᠯᠠᠵᠤ᠂ ᠱᠤᠭᠤᠮ ᠤᠨ ᠪᠥᠬᠦ ᠣᠷᠳᠣ ᠨᠢ 50.757 ᠺᠢᠯᠦᠮᠧᠲᠷ ᠪᠠᠶᠢᠵᠤ᠂ | ᠬᠤᠤᠰ ᠴᠢᠭᠯᠡᠯᠲᠦ ᠳᠥᠷᠪᠡᠨ ᠲᠡᠷᠭᠡᠨ ᠵᠠᠮ ᠤᠨ ᠨᠢᠭᠡᠳᠦᠭᠡᠷ ᠲᠠᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ | ᠪᠠᠶᠢᠭᠤᠯᠵᠤ᠂ 2020 ᠣᠨ ᠤ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠵᠦ᠂ 2024 ᠣᠨ ᠤ 10 ᠳ᠋ᠤᠭᠠᠷ | ᠰᠠᠷ᠎ᠠ ᠳᠤ ᠪᠠᠷᠢᠯᠭ᠎ᠠ ᠳᠠᠭᠤᠰᠪᠠ᠃ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠦᠭᠰᠡᠨ ᠨᠢ 111 ᠤᠯᠤᠰ ᠤᠨ ᠵᠠᠮ ᠤᠨ | ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠤᠷ ᠢ | ᠲᠡᠭᠦᠯᠳᠡᠷᠵᠢᠭᠦᠯᠦᠨ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠬᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠂ ᠵᠠᠮ ᠳᠠᠭᠠᠤ ᠶᠢᠨ ᠭᠠᠵᠠᠷ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ |