11 ᠳ᠋ᠤᠭᠠᠷ ᠰᠠᠷ᠎ᠠ ᠶᠢᠨ 13 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠲᠦᠷᠦᠭᠦᠦ | ᠪᠦᠯᠦᠭ ᠤᠨ 18 ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠤᠰᠬᠠᠶ | ᠲᠤᠷᠰᠢᠯᠲᠠ ᠶᠢᠨ ᠴᠡᠭ ᠤᠨ ᠡᠭᠦᠷᠭᠡ ᠶᠢ ᠨᠡᠶᠢᠲᠡᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢᠶᠠᠷ | ᠲᠦᠷᠦᠭᠦᠯᠡᠭᠦᠯᠦᠭᠰᠡᠨ ︽ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ | ᠰᠠᠭᠠᠳ ᠥᠬᠡᠶ ᠨᠡᠪᠲᠡᠷᠡᠭᠦᠯᠵᠦ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ | ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ ᠪᠠ ᠯᠢᠶᠣᠤᠨᠢᠩ | ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠭᠢᠷᠢᠨ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠠᠷᠠᠮᠥ᠋ᠷᠡᠨ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ 4 ᠲᠢᠩᠬᠢᠮ ᠤᠨ ᠬᠠᠮᠲᠤ ᠪᠠᠷ | ᠬᠡᠷᠡᠭᠵᠢᠭᠦᠯᠦᠭᠰᠡᠨ ︽︿ᠤᠮᠠᠷᠠᠲᠤ ᠶᠢᠨ ᠠᠮᠤ ᠪᠤᠳᠠᠭ᠎ᠠ ᠶᠢ ᠡᠮᠦᠨᠡᠰᠢ ᠵᠥᠭᠡᠭᠡᠪᠦᠷᠢᠯᠡᠬᠦ﹀ ᠵᠠᠮ ᠬᠠᠷᠢᠯᠴᠠᠭ᠎ᠠ ᠪᠠᠷᠠᠭᠠᠨ | ᠤ ᠭᠦᠢᠯᠭᠡᠭᠡ ᠶᠢᠨ ᠶᠡᠭᠡ ᠨᠡᠪᠲᠡᠷᠡᠬᠦ ᠵᠠᠮ ᠳᠤ ᠲᠦᠰᠢᠭᠯᠡᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ ᠬᠤᠶᠠᠷ ᠲᠤᠷᠰᠢᠯᠲᠠ ᠶᠢᠨ ᠴᠡᠭ ᠤᠨ ᠡᠭᠦᠷᠭᠡ | ᠠᠮᠵᠢᠯᠲᠠ ᠲᠠᠢ ᠰᠣᠩᠭᠤᠭᠳᠠᠵᠠᠶ᠃ | ᠡᠨᠡ ᠬᠤᠶᠠᠷ ᠲᠤᠷᠰᠢᠯᠲᠠ ᠶᠢᠨ ᠴᠡᠭ ᠤᠨ ᠡᠭᠦᠷᠭᠡ ᠶᠠᠭᠠᠬᠢᠭᠠᠳ ᠴᠣᠯᠭᠤᠷᠠᠨ ᠭᠠᠷᠴᠤ ᠴᠢᠳᠠᠭᠰᠠᠨ ᠪᠤᠢ︖ | ᠭᠡᠪᠡᠯ ᠳᠣᠣᠷ᠎ᠠ ᠬᠠᠮᠲᠤ ᠠᠭᠤᠯᠭ᠎ᠠ ᠶᠢ ᠨᠢ ᠦᠵᠡᠶ᠎ᠡ | ︽ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ ᠰᠠᠭᠠᠳ ᠥᠬᠡᠶ | ᠨᠡᠪᠲᠡᠷᠡᠭᠦᠯᠵᠦ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ | ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ ᠲᠤᠷᠰᠢᠯᠲᠠ ᠶᠢᠨ ᠴᠡᠭ | ᠲᠦᠩᠯᠢᠶᠣᠤ ᠬᠤᠲᠠ | ᠲᠡᠮᠦᠷ ᠵᠠᠮ + ᠵᠠᠰᠠᠮᠠᠯ ᠵᠠᠮ ᠤᠨ ᠣᠬᠤᠷ ᠲᠡᠭᠡᠭᠡᠪᠦᠷᠢ ᠶᠢᠨ ︽ᠣᠯᠠᠨ ᠬᠡᠯᠪᠡᠷᠢ ᠶᠢᠨ ᠬᠠᠮᠲᠤᠷᠠᠭᠰᠠᠨ ᠲᠦᠷᠭᠡᠨ | ᠲᠡᠷᠭᠡ︾ ᠶᠢᠨ ᠰᠦᠯᠵᠢᠶᠡᠨ ᠤ ᠵᠠᠮ ᠬᠠᠷᠢᠯᠴᠠᠭ᠎ᠠ ᠶᠢᠨ ᠬᠦᠴᠦᠷᠬᠡᠭ ᠤᠯᠤᠰ ᠤᠨ ᠲᠤᠷᠰᠢᠯᠲᠠ ᠶᠢ ᠥᠷᠨᠢᠭᠦᠯᠦᠨ᠎ᠡ᠃ | | ᠨᠢᠭᠡ ᠳᠤ᠂ ᠴᠢᠩᠭᠡᠯᠢᠭ ᠢᠶᠠᠷ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠤᠨ ᠰᠢᠨ᠎ᠡ ᠵᠠᠭᠪᠤᠷ ᠢ ᠢᠳᠡᠪᠬᠢᠲᠡᠶ | ᠰᠦᠪᠡᠭᠴᠢᠯᠡᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠦᠷᠭᠡᠨ ᠲᠡᠷᠭᠡ ᠶᠢᠨ ᠲᠡᠮᠦᠷ ᠵᠠᠮ ᠤᠨ ᠲᠡᠭᠡᠭᠡᠪᠦᠷᠢ ᠶᠢᠨ | ︽ᠨᠢᠭᠡ ᠴᠢᠩᠭᠡᠯᠢᠭ ᠤᠨ ᠲᠦᠷᠢᠮ︾ ᠤᠨ ᠵᠠᠭᠪᠤᠷ ᠢ ᠪᠣᠶ ᠪᠣᠯᠭᠠᠵᠤ᠂ ᠣᠯᠠᠨ ᠡᠬᠢᠲᠦ ᠲᠣᠭᠠᠴᠢᠯᠠᠭᠰᠠᠨ ᠡᠬᠢ | ᠪᠠᠶᠠᠯᠢᠭ ᠢ ᠬᠤᠷᠠᠮᠳᠤᠭᠤᠯᠵᠤ᠂ ︽ᠨᠢᠭᠡ ᠴᠢᠩᠭᠡᠯᠢᠭ ᠤᠨ ᠲᠦᠷᠢᠮ︾ ᠢ ᠵᠣᠯᠭᠠᠭᠤᠯᠬᠤ ᠦᠷ᠎ᠡ ᠪᠦᠲᠦᠮᠵᠢ ᠶᠢ | ᠠᠬᠢᠭᠤᠯᠵᠤ᠂ 2026 ᠣᠨ ᠪᠣᠯᠬᠤ ᠳᠤ᠂ ︽ᠨᠢᠭᠡ ᠴᠢᠩᠭᠡᠯᠢᠭ ᠤᠨ ᠲᠦᠷᠢᠮ︾ ᠢᠶᠠᠷ ᠳᠠᠮᠵᠢᠭᠤᠯᠤᠨ ᠨᠡᠶᠢᠲᠡ | 100 ᠲᠦᠮᠡᠨ ᠲᠣᠨ ᠪᠠᠷᠠᠭ᠎ᠠ ᠲᠡᠭᠡᠭᠡᠪᠦᠷᠢᠯᠡᠬᠦ ᠪᠠᠷ ᠲᠥᠯᠥᠪᠯᠡᠵᠦ ᠪᠠᠶᠢᠨ᠎ᠠ᠃ ᠬᠤᠶᠠᠷ ᠲᠤ᠂ ︽ᠣᠯᠠᠨ | ᠬᠡᠯᠪᠡᠷᠢ ᠶᠢᠨ ᠬᠠᠮᠲᠤᠷᠠᠭᠰᠠᠨ ᠲᠦᠷᠭᠡᠨ ᠲᠡᠷᠭᠡ︾ ᠶᠢᠨ ᠪᠥᠬᠦ ᠶᠠᠪᠤᠴᠠ ᠳᠤ ᠦᠵᠡᠭᠳᠡᠮᠡᠯ ᠬᠢᠨᠠᠯᠲᠠ ᠬᠠᠮᠢᠶᠠᠷᠤᠯᠲᠠ | ᠶᠢ ᠪᠡᠶᠡᠯᠡᠭᠦᠯᠬᠦ ᠶᠢᠨ ᠬᠠᠮᠲᠤ᠂ ᠬᠠᠩᠭᠠᠯᠭ᠎ᠠ ᠶᠢᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠠᠩ ᠤᠨ | ᠠᠷᠠᠯᠵᠢᠶᠠᠨ ᠤ ᠦᠶᠯᠡᠴᠢᠯᠡᠭᠡ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ ᠶᠢᠨ ᠦᠶᠯᠡᠴᠢᠯᠡᠭᠡ᠂ ᠲᠣᠭᠠᠴᠢᠯᠠᠭᠰᠠᠨ | ᠢᠲᠡᠭᠡᠮᠵᠢ ᠶᠢᠨ ᠦᠶᠯᠡᠴᠢᠯᠡᠭᠡ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠶᠯᠭᠡᠭᠡᠨ ᠤ ᠦᠶᠯᠡᠴᠢᠯᠡᠭᠡ ᠵᠡᠷᠭᠡ | ᠣᠯᠠᠨ ᠲᠠᠯᠠᠲᠤ ᠲᠤᠬᠠᠶᠢᠯᠠᠭᠰᠠᠨ ᠠᠵᠢᠯ ᠢ ᠰᠦᠪᠡᠭᠴᠢᠯᠡᠵᠦ᠂ ᠬᠤᠳᠠᠯᠳᠤᠨ ᠠᠪᠬᠤ ᠪᠠ ᠪᠣᠷᠣᠯᠠᠭᠤᠯᠬᠤ᠂ | ᠬᠥᠮᠥᠷᠭᠡᠯᠡᠨ ᠲᠡᠭᠡᠭᠡᠪᠦᠷᠢᠯᠡᠬᠦ᠂ ᠮᠥᠩᠭᠦᠨ ᠭᠦᠶᠯᠭᠡᠭᠡᠨ ᠤ ᠪᠥᠬᠦ ᠬᠡᠯᠬᠢᠶ᠎ᠡ ᠶᠢ ᠨᠡᠪᠲᠡᠷᠡᠭᠦᠯᠬᠦ ᠶᠢ ᠡᠷᠲᠡᠬᠡᠨ | ᠪᠡᠶᠡᠯᠡᠭᠦᠯᠦᠨ᠎ᠡ᠃ ᠭᠤᠷᠪᠠ ᠳᠤ᠂ ᠣᠯᠠᠨ ᠰᠠᠯᠠᠭ᠎ᠠ ᠮᠥᠴᠢᠷ ᠬᠠᠮᠲᠤᠷᠠᠨ ︽ᠬᠤᠣᠰ ᠴᠢᠷᠦᠭᠦᠯ ᠮᠠᠰᠢᠨ ᠲᠡᠷᠭᠡ︾ ᠶᠢ | ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ | ᠲᠦᠷᠦᠭᠦᠯᠡᠨ᠂ ᠳᠣᠲᠣᠭᠠᠳᠤ ᠶᠢ ᠬᠠᠮᠠᠭᠠᠯᠠᠬᠤ᠂ ᠡᠨᠧᠷᠭᠢ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠵᠤ᠂ ᠬᠤᠣᠰ | ᠴᠢᠷᠦᠭᠦᠯ ᠮᠠᠰᠢᠨ ᠲᠡᠷᠭᠡᠨ ᠤ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠬᠤᠣᠰ ᠴᠢᠷᠦᠭᠦᠯ ᠮᠠᠰᠢᠨ ᠲᠡᠷᠭᠡᠨ ᠤ | ᠲᠡᠭᠡᠭᠡᠪᠦᠷᠢ ᠶᠢᠨ ᠪᠠᠷᠢᠮᠵᠢᠶ᠎ᠠ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠪᠠᠶᠢᠭᠤᠯᠤᠯ ᠲᠣᠭᠲᠠᠴᠠ ᠵᠡᠷᠭᠡ ᠶᠢ | ᠰᠤᠳᠤᠯᠵᠤ᠂ ᠬᠤᠣᠰ ᠴᠢᠷᠦᠭᠦᠯ ᠮᠠᠰᠢᠨ ᠲᠡᠷᠭᠡᠨ ᠤ ᠠᠵᠢᠯᠯᠠᠭᠠᠨ ᠤ ᠠᠶᠤᠯ ᠦᠭᠡᠶ ᠴᠢᠨᠠᠷ ᠢ ᠪᠠᠲᠤᠯᠠᠨ᠎ᠠ᠃ | ᠪᠠᠶᠠᠨᠨᠠᠭᠤᠷ ᠬᠤᠲᠠ | ᠬᠠᠭᠤᠷᠠᠶ ᠵᠠᠮ ᠤᠨ ᠪᠣᠭᠤᠮᠲᠠ ᠶᠢᠨ AGV ᠵᠢᠯᠤᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢᠨ ᠰᠢᠨ᠎ᠡ | ᠵᠠᠭᠪᠤᠷ ᠲᠤ ᠰᠢᠨ᠎ᠡ ᠡᠭᠦᠳᠦᠯᠲᠡ ᠶᠢ ᠥᠷᠨᠢᠭᠦᠯᠵᠦ᠂ ᠣᠶᠤᠨᠴᠢ ᠠᠮᠤᠷ ᠲᠦᠪᠰᠢᠨ ᠥᠨᠳᠥᠷ ᠪᠦᠲᠦᠮᠵᠢᠲᠡᠶ ᠠᠭᠤᠷᠬᠠᠶ | ᠶᠢᠨ ᠦᠶᠯᠡᠳᠬᠦᠨ ᠤ ᠣᠯᠠᠨ ᠤᠯᠤᠰ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ ᠪᠣᠶ ᠪᠣᠯᠭᠠᠨ᠎ᠠ᠃ | ᠭᠠᠭᠴᠠᠮᠤᠳᠤ ᠪᠣᠭᠤᠮᠲᠠ ᠳᠤ ᠵᠢᠯᠤᠭᠤᠴᠢ ᠥᠬᠡᠶ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠭᠦᠯᠬᠦ ᠵᠠᠭᠪᠤᠷ ᠢ | ᠦᠷᠭᠦᠯᠵᠢᠯᠡᠨ ᠳᠡᠯᠭᠡᠷᠡᠭᠦᠯᠵᠦ᠂ ᠡᠨᠧᠷᠭᠢ ᠶᠢᠨ ᠭᠠᠳᠠᠭᠠᠳᠤ ᠣᠷᠣᠭᠤᠯᠤᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠨ᠂ | ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠲᠡᠭᠡᠭᠡᠪᠦᠷᠢ ᠶᠢ ᠲᠦᠷᠭᠡᠳᠬᠡᠨ ᠠᠬᠢᠭᠤᠯᠤᠨ᠎ᠠ᠃ ᠤᠶᠤᠨᠴᠢᠯᠠᠭᠰᠠᠨ | ᠪᠠᠷᠢᠮᠵᠢᠶᠠᠵᠢᠭᠤᠯᠤᠭᠰᠠᠨ ᠪᠥᠭᠡᠮ ᠢᠶᠠᠷ ᠰᠠᠪᠠᠯᠠᠬᠤ ᠲᠥᠬᠦᠭᠡᠷᠦᠮᠵᠢ ᠶᠢ ᠬᠡᠷᠡᠭᠯᠡᠬᠦ ᠪᠠᠷ ᠳᠠᠮᠵᠢᠭᠤᠯᠤᠨ᠂ ᠶᠡᠭᠡ | ᠬᠡᠮᠵᠢᠶᠡᠨ ᠤ ᠡᠳ᠋ ᠪᠣᠳᠠᠰ ᠤᠨ ︽ᠲᠠᠷᠠᠬᠠᠢ ᠪᠤᠳᠠᠷᠬᠠᠢ ᠶᠢ ᠲᠦᠪᠯᠡᠷᠡᠭᠦᠯᠬᠦ ᠦᠭᠡᠷᠡᠴᠢᠯᠡᠯᠲᠡ︾ ᠶᠢ ᠲᠦᠯᠬᠢᠨ | ᠠᠬᠢᠭᠤᠯᠤᠨ᠎ᠠ᠃ 2026 ᠣᠨ ᠪᠣᠯᠬᠤ ᠳᠤ᠂ 60 AGV ᠮᠠᠰᠢᠨ ᠲᠡᠷᠭᠡ ᠣᠷᠣᠭᠤᠯᠵᠤ᠂ 3 ᠲᠣᠭᠲᠠᠮᠠᠯ | ᠪᠠᠷᠠᠭ᠎ᠠ ᠶᠢᠨ ᠡᠵᠡᠨ ᠲᠠᠢ ᠪᠣᠯᠭᠠᠵᠤ᠂ ᠵᠢᠯ ᠤᠨ ᠪᠠᠷᠠᠭ᠎ᠠ ᠳᠠᠮᠵᠢᠭᠤᠯᠬᠤ ᠬᠡᠮᠵᠢᠶ᠎ᠡ ᠶᠢ 50% ᠪᠠᠷ ᠨᠡᠮᠡᠭᠳᠡᠭᠦᠯᠵᠦ᠂ | AGV ᠬᠠᠮᠵᠢᠯᠴᠠᠨ ᠲᠣᠬᠢᠷᠠᠭᠤᠯᠬᠤ ᠰᠢᠰᠲ᠋ᠧᠮ ᠢ 100% ᠪᠠᠷ ᠪᠡᠶᠡᠯᠡᠭᠦᠯᠦᠨ᠎ᠡ᠃ | ᠪᠤᠭᠤᠲᠤ ᠬᠤᠲᠠ | ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠪᠠᠷᠢᠮᠲᠠ ᠶᠢᠨ ᠲᠦᠷᠢᠮ︾ ᠤᠨ ᠵᠠᠮ | ᠬᠠᠷᠢᠯᠴᠠᠭᠠᠨ ᠤ ᠬᠦᠴᠦᠷᠬᠡᠭ ᠤᠯᠤᠰ ᠤᠨ ᠲᠤᠷᠰᠢᠯᠲᠠ ᠶᠢ ᠥᠷᠨᠢᠭᠦᠯᠦᠨ᠎ᠡ᠃ | ᠲᠤᠨᠤᠭ ᠲᠥᠬᠦᠭᠡᠷᠦᠮᠵᠢ ᠶᠢ ᠲᠠᠰ ᠳᠡᠪᠰᠢᠭᠦᠯᠬᠦ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ | ᠬᠦᠢᠰᠦ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠤᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠠᠷᠢᠮᠲᠠ ᠶᠢᠨ ᠵᠠᠭᠪᠤᠷ ᠵᠢᠴᠢ ᠡᠷᠭᠢᠯᠲᠡ ᠶᠢᠨ ᠲᠦᠷᠢᠮ ᠢ ᠰᠤᠳᠤᠯᠤᠨ | ᠲᠣᠭᠲᠠᠭᠠᠵᠤ᠂ ︽ᠰᠠᠭᠤᠷᠢ ᠲᠥᠬᠦᠭᠡᠷᠦᠮᠵᠢ ᠶᠢ ᠬᠠᠲᠠᠭᠤ ᠪᠠᠷ ᠬᠤᠯᠪᠣᠨ ᠨᠡᠪᠲᠡᠷᠡᠭᠦᠯᠬᠦ᠂ ᠳ᠋ᠠᠶᠢᠲ᠋ᠠ ᠶᠢ | ᠵᠢᠷᠤᠮᠵᠢᠭᠤᠯᠤᠨ ᠵᠥᠭᠡᠯᠡᠨ ᠢᠶᠠᠷ ᠬᠤᠯᠪᠣᠨ ᠨᠡᠪᠲᠡᠷᠡᠭᠦᠯᠬᠦ︾ ᠪᠥᠬᠦ ᠶᠠᠪᠤᠴᠠ ᠶᠢᠨ ᠪᠠᠷᠠᠭᠠᠨ ᠤ ᠭᠦᠢᠯᠭᠡᠭᠡ | ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠶᠯᠡᠴᠢᠯᠡᠭᠡᠨ ᠤ ᠵᠠᠭᠪᠤᠷ ᠢ ᠪᠣᠶ ᠪᠣᠯᠭᠠᠨ᠎ᠠ᠃ 2026 ᠣᠨ ᠤ ᠡᠴᠦᠰ | ᠪᠣᠯᠲᠠᠯ᠎ᠠ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠠᠷᠢᠮᠲᠠ ᠶᠢᠨ ᠪᠠᠷᠢᠮᠵᠢᠶ᠎ᠠ ᠪᠤᠢ ᠪᠣᠯᠭᠠᠵᠤ᠂ | ︽ᠨᠢᠭᠡ ᠪᠠᠷᠢᠮᠲᠠ ᠶᠢᠨ ᠲᠦᠷᠢᠮ︾ ᠤᠨ ᠮᠥᠩᠭᠦᠨ ᠭᠦᠶᠯᠭᠡᠭᠡᠨ ᠤ ᠥᠷᠲᠡᠭ ᠨᠡᠮᠡᠭᠳᠡᠯ ᠤᠨ ᠦᠶᠯᠡᠴᠢᠯᠡᠭᠡ ᠶᠢ | ᠪᠦᠲᠦᠮᠵᠢᠲᠡᠶ ᠥᠷᠭᠡᠳᠬᠡᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ︽ᠨᠢᠭᠡ ᠪᠠᠷᠢᠮᠲᠠ ᠶᠢᠨ ᠲᠦᠷᠢᠮ︾ | ᠤᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠳ᠋ᠦᠩᠨᠡᠨ ᠪᠦᠷᠢᠯᠳᠦᠭᠦᠯᠵᠦ᠂ ᠪᠤᠭᠤᠲᠤ ᠵᠢᠴᠢ ᠥᠪᠡᠷᠲᠡᠭᠡᠨ | ᠵᠠᠰᠠᠬᠤ ᠣᠷᠣᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠦᠬᠦᠯᠢ ᠴᠣᠭᠴᠠ ᠶᠢᠨ ᠬᠢᠷᠢ ᠲᠦᠪᠰᠢᠨ | ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃ | ᠮᠠᠨᠵᠤᠤᠷ ᠬᠤᠲᠠ | ᠮᠠᠨᠵᠤᠤᠷ ᠤᠨ ᠳᠤᠮᠳᠠᠳᠤ ᠣᠷᠣᠰ ᠤᠨ ᠪᠠᠷᠠᠭᠠᠨ ᠤ ᠭᠦᠢᠯᠭᠡᠭᠡ ᠶᠢᠨ ᠨᠡᠪᠲᠡᠷᠡᠬᠦ ᠵᠠᠮ ᠤᠨ ᠲᠥᠷᠥᠯ ᠵᠦᠢᠯ ᠤᠨ | ᠲᠤᠷᠰᠢᠯᠲᠠ ᠶᠢ ᠥᠷᠨᠢᠭᠦᠯᠦᠨ᠎ᠡ᠃ | ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠪᠣᠯᠤᠨ ᠤᠮᠠᠷᠠᠰᠢ ᠨᠡᠭᠡᠭᠡᠯᠲᠡ ᠬᠢᠬᠦ ᠳᠤ ᠮᠠᠨᠵᠤᠤᠷ ᠪᠣᠭᠤᠮᠲᠠ | ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠢᠯᠢ ᠳᠠᠭᠠᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠦᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠳᠤᠮᠳᠠᠳᠤ ᠣᠷᠣᠰ ᠤᠨ ᠠᠵᠤ ᠠᠬᠤᠶ ᠠᠷᠠᠯᠵᠢᠶᠠᠨ ᠤ | ᠬᠤᠷᠰᠢᠯᠴᠠᠭ᠎ᠠ ᠶᠢ ᠴᠢᠩᠭᠠᠳᠬᠠᠨ᠎ᠠ᠃ 2026 ᠣᠨ ᠪᠣᠯᠬᠤ ᠳᠤ᠂ ᠲᠡᠮᠦᠷ ᠵᠠᠮ ᠤᠨ ᠲᠤᠰᠬᠠᠶ ᠱᠤᠭᠤᠮ ᠤᠨ | ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠡᠵᠡᠩᠨᠡᠯᠲᠡ ᠳᠤ ᠣᠷᠣᠭᠤᠯᠵᠤ᠂ ᠵᠠᠮ | ᠤᠨ ᠰᠣᠯᠢᠵᠤ ᠠᠴᠢᠶᠠᠯᠠᠬᠤ ᠴᠢᠳᠠᠪᠤᠷᠢ ᠶᠢ 300 ᠲᠦᠮᠡᠨ ᠲᠣᠨ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ | 140 ᠲᠦᠮᠡᠨ ᠲᠣᠨ᠂ ᠡᠳ᠋ᠰᠢᠭᠦᠯᠵᠦ ᠪᠣᠯᠪᠠᠰᠤᠷᠠᠭᠤᠯᠬᠤ ᠴᠢᠳᠠᠪᠤᠷᠢ ᠶᠢ 80 ᠲᠦᠮᠡᠨ ᠲᠣᠨ ᠪᠡᠶᠡᠯᠡᠭᠦᠯᠵᠦ᠂ | ᠪᠣᠭᠤᠮᠲᠠ ᠶᠢᠨ ᠬᠥᠭᠵᠢᠯᠲᠡ ᠳᠤ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠬᠠᠩᠭᠠᠨ᠎ᠠ᠃ | ︽︿ᠤᠮᠠᠷᠠᠲᠤ ᠶᠢᠨ ᠠᠮᠤ ᠪᠤᠳᠠᠭ᠎ᠠ ᠶᠢ ᠡᠮᠦᠨᠡᠰᠢ ᠵᠥᠭᠡᠭᠡᠪᠦᠷᠢᠯᠡᠬᠦ﹀ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠶᠡᠭᠡ ᠨᠡᠪᠲᠡᠷᠡᠬᠦ ᠵᠠᠮ ᠳᠤ ᠲᠦᠰᠢᠭᠯᠡᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ︾ ᠲᠤᠷᠰᠢᠯᠲᠠ ᠶᠢᠨ ᠴᠡᠭ | 4 ᠮᠤᠵᠢ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽︿ᠤᠮᠠᠷᠠᠲᠤ ᠶᠢᠨ ᠠᠮᠤ ᠪᠤᠳᠠᠭ᠎ᠠ ᠶᠢ | ᠡᠮᠦᠨᠡᠰᠢ ᠵᠥᠭᠡᠭᠡᠪᠦᠷᠢᠯᠡᠬᠦ﹀ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠶᠡᠭᠡ ᠨᠡᠪᠲᠡᠷᠡᠬᠦ ᠵᠠᠮ ᠳᠤ ᠲᠦᠰᠢᠭᠯᠡᠨ | ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ︾ ᠲᠤᠷᠰᠢᠯᠲᠠ ᠶᠢ ᠬᠠᠮᠲᠤ ᠪᠠᠷ ᠬᠡᠷᠡᠭᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠠᠮᠤᠷ ᠲᠦᠪᠰᠢᠨ ᠪᠥᠭᠡᠳ ᠰᠠᠭᠠᠳ ᠥᠬᠡᠶ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ︽ᠤᠮᠠᠷᠠᠲᠤ ᠶᠢᠨ | ᠠᠮᠤ ᠪᠤᠳᠠᠭ᠎ᠠ ᠶᠢ ᠡᠮᠦᠨᠡᠰᠢ ᠵᠥᠭᠡᠭᠡᠪᠦᠷᠢᠯᠡᠬᠦ︾ ᠶᠡᠭᠡ ᠨᠡᠪᠲᠡᠷᠡᠬᠦ ᠵᠠᠮ ᠢ ᠪᠥᠬᠦ ᠬᠦᠴᠦᠨ ᠢᠶᠠᠷ ᠢᠶᠠᠨ ᠪᠠᠶᠢᠭᠤᠯᠬᠤ | ᠪᠣᠯᠤᠨ᠎ᠠ᠃ ᠤᠯᠤᠰ ᠤᠨ ᠭᠤᠤᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠰᠠᠶᠢᠲᠤᠷ ᠬᠢᠬᠦ᠂ | ᠭᠤᠤᠯᠳᠠᠯᠭ᠎ᠠ ᠲᠠᠢ ᠡᠳ᠋ ᠪᠣᠳᠠᠰ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ | ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠪᠠ ᠬᠡᠷᠡᠭ ᠤᠨ ᠵᠢᠱᠢᠶ᠎ᠡ ᠶᠢ ᠪᠣᠶ | ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠯ᠎ᠡ ᠲᠤᠷᠰᠢᠯᠲᠠ ᠶᠢᠨ | ᠴᠡᠭ ᠤᠨ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ᠲᠥᠬᠦᠷ ᠲᠥᠷᠥ ᠶᠢᠨ ᠪᠣᠳᠣᠯᠭ᠎ᠠ ᠬᠢᠭᠡᠳ ᠳᠡᠮᠵᠢᠯᠭᠡ ᠶᠢᠨ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ | ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠴᠦᠷᠬᠡᠭ ᠤᠯᠤᠰ ᠤᠨ ᠲᠤᠰᠬᠠᠶ ᠲᠥᠷᠥᠯ ᠤᠨ ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ | ᠪᠣᠯᠭᠠᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠪᠦᠲᠦᠴᠡ ᠶᠢᠨ ᠴᠢᠨᠠᠷᠲᠠᠶ᠂ ᠰᠢᠰᠲ᠋ᠧᠮᠲᠦ ᠴᠢᠨᠠᠷᠲᠠᠶ᠂ | ᠲᠦᠷᠢᠮ ᠤᠨ ᠴᠢᠨᠠᠷᠲᠠᠶ᠂ ᠮᠡᠷᠭᠡᠵᠢᠯ ᠤᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ᠂ ᠡᠵᠡᠩᠨᠡᠯᠲᠡ ᠶᠢᠨ ᠴᠢᠨᠠᠷᠲᠠᠶ | ᠪᠠᠷ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠲᠦᠷᠭᠡᠳᠬᠡᠨ ᠠᠬᠢᠭᠤᠯᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ | ᠰᠠᠶᠢᠲᠤᠷ ᠦᠢᠯᠡᠴᠢᠯᠡᠨ᠎ᠡ᠃ |