ᠪᠦᠬᠦ ᠤᠯᠤᠰ ᠤᠨ 68 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ ᠮᠠᠨ ᠤ ᠣᠷᠣᠨ ᠤ ᠬᠤᠶᠠᠷ ᠲᠥᠷᠥᠯ ᠵᠦᠶᠯ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2024/11/18
     11 ᠳ᠋ᠦ᠋ᠭᠡᠷ ᠰᠠᠷ᠎ᠠ ᠶᠢᠨ 6᠎ ᠤ ᠡᠳᠦᠷ᠂ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠵᠠᠮ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠤᠯᠤᠰ ᠤᠨ ᠲᠡᠮᠦᠷ ᠵᠠᠮ ᠤᠨ ᠲᠣᠪᠴᠢᠶᠠᠨ ᠤ ᠶᠡᠷᠦᠩᠬᠡᠶ ᠵᠤᠷᠭᠠᠨ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶᠠᠨ ᠤ ᠶᠡᠷᠦᠩᠬᠡᠶ ᠵᠤᠷᠭᠠᠨ᠂ ᠤᠯᠤᠰ ᠤᠨ ᠰᠢᠦᠳᠠᠨ ᠤ ᠲᠣᠪᠴᠢᠶᠠᠨ ᠤ ᠠᠯᠪᠠᠨ ᠭᠡᠷ᠂ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠯᠪᠠᠨ ᠲᠢᠩᠬᠢᠮ ᠬᠠᠮᠲᠤᠷᠠᠨ ︽ᠬᠤᠶᠠᠳᠤᠭᠠᠷ ᠪᠦᠯᠦᠭ ᠤᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠶᠢ ᠨᠡᠶᠢᠲᠡᠯᠡᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ 68 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ︾᠂ ᠬᠥᠬᠡᠬᠤᠲᠠ — ᠤᠯᠠᠭᠠᠨᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ ᠲᠣᠰ ᠲᠣᠰ ᠭᠤᠤᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ᠂ ᠠᠭᠠᠷ ᠤᠨ ᠠᠶᠠᠯᠠᠯ ᠤᠨ ᠵᠢᠭᠤᠯᠴᠢᠯᠠᠯ ᠤᠨ ᠦᠶᠯᠡᠳᠬᠦᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃      ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ      ᠰᠢᠯᠢ ᠶᠢᠨ ᠭᠤᠤᠯ
202411181730.jpg
    ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠪᠣᠯ ᠭᠤᠤᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠳᠤ ᠲᠦᠰᠢᠭᠯᠡᠨ ᠪᠠᠶᠢᠭᠤᠯᠤᠭᠰᠠᠨ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ ᠪᠣᠯᠤᠨ᠎ᠠ᠂ ᠭᠤᠤᠯ ᠱᠤᠭᠤᠮ ᠳᠤ ᠬᠠᠶᠢᠯᠠᠷ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ G1013 ︵ᠰᠢᠯᠢ ᠶᠢᠨ ᠭᠤᠤᠯ ᠤᠨ ᠬᠡᠰᠡᠭ︶᠂ G207 ᠲᠠᠶᠢᠹᠤᠰᠧ ᠬᠤᠰᠢᠭᠤ - ᠰᠢᠯᠤᠭᠤᠨ ᠬᠥᠬᠡ ᠬᠤᠰᠢᠭᠤ - ᠪᠠᠷᠠᠭᠤᠨ ᠦᠵᠦᠮᠦᠴᠢᠨ ᠬᠤᠰᠢᠭᠤᠨ ᠤ ᠬᠡᠰᠡᠭ᠂ G510 ᠲᠤᠯᠤᠨ ᠨᠠᠭᠤᠷ ᠰᠢᠶᠠᠨ ᠤ ᠬᠡᠰᠡᠭ᠂ S206 ᠪᠠᠷᠠᠭᠤᠨ ᠦᠵᠦᠮᠦᠴᠢᠨ ᠬᠤᠰᠢᠭᠤ - ᠵᠡᠭᠦᠨ ᠦᠵᠦᠮᠦᠴᠢᠨ ᠬᠤᠰᠢᠭᠤ - ᠤᠯᠠᠭᠠᠶ ᠬᠠᠮᠢᠶᠠᠷᠤᠯᠲᠠ ᠶᠢᠨ ᠣᠷᠣᠨ ᠤ ᠬᠡᠰᠡᠭ ᠨᠡᠶᠢᠲᠡ 672 ᠺᠢᠯᠣᠮᠧᠲᠷ ᠪᠠᠶᠢᠵᠤ᠂ ᠰᠢᠯᠢ ᠶᠢᠨ ᠭᠤᠤᠯ ᠠᠶᠢᠮᠠᠭ ᠤᠨ ᠲᠤᠯᠤᠭᠠᠨ ᠬᠤᠰᠢᠭᠤ ᠰᠢᠶᠠᠨ ᠬᠤᠲᠠ ︵ᠲᠣᠭᠤᠷᠢᠭ︶᠎ ᠳᠤ ᠨᠡᠪᠲᠡᠷᠡᠵᠦ᠂ ᠶᠤᠸᠠᠨ ᠤᠯᠤᠰ ᠤᠨ ᠳᠡᠭᠡᠳᠦ ᠨᠡᠶᠢᠰᠯᠡᠯ ᠎ ᠤᠨ ᠪᠠᠭᠤᠷᠢ᠂ ᠲᠤᠯᠤᠨ ᠨᠠᠭᠤᠷ᠂ ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠲᠥᠪ ᠤᠨ ᠭᠤᠤᠯ ᠲᠣᠭᠤᠷᠢᠭ ᠎ ᠤᠨ ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠤᠯᠠᠭᠠᠨ ᠤᠲᠠᠶ᠂ ᠤᠯᠠᠭᠠᠶ ᠶᠢᠨ ᠣᠯᠠᠨ ᠲᠤᠬᠤᠢ ᠵᠡᠷᠭᠡ 43 ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶᠎ ᠢ ᠬᠤᠯᠪᠤᠪᠠ᠃      ᠪᠦᠬᠦ ᠱᠤᠭᠤᠮ ᠳᠤ ᠭᠤᠷᠪᠠᠨ ᠳᠡᠰ ᠤᠨ ᠵᠢᠭᠤᠯᠴᠢᠯᠠᠯ ᠤᠨ ᠦᠢᠯᠡᠴᠢᠯᠡᠭᠡᠨ ᠤ ᠥᠷᠲᠡᠭᠡ᠂ ᠠᠶᠢᠮᠠᠭ ᠮᠤᠵᠢ ᠬᠤᠶᠠᠷ ᠱᠠᠲᠤᠨ ᠤ ᠡᠭᠦᠳᠡ ᠡᠷᠦᠬᠡ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠎ ᠤᠨ ᠬᠡᠪᠴᠢᠶᠡᠨ ᠳᠤ ᠬᠠᠮᠤᠭ ᠤᠨ ᠤᠷᠲᠤ ᠲᠠᠯ᠎ᠠ ᠨᠤᠲᠤᠭ ᠤᠨ ᠵᠢᠭᠤᠯᠴᠢᠯᠠᠯ ᠢᠶᠠᠷ ᠭᠤᠣᠯ ᠰᠡᠳᠦᠪ ᠪᠣᠯᠭᠠᠭᠰᠠᠨ ᠵᠠᠮ ᠱᠤᠭᠤᠮ ᠪᠣᠯᠤᠨ᠎ᠠ᠃ ᠪᠥᠬᠦ ᠱᠤᠭᠤᠮ ᠢᠶᠠᠷ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠢᠶᠠᠨ ᠴᠢᠶᠠᠩ ᠲᠣᠰᠬᠤᠨ᠂ ᠳ᠋ᠠ ᠬᠥ᠋ ᠱᠠᠨ ᠲᠣᠰᠬᠤᠨ ᠤ ᠨᠤᠲᠤᠭ ᠤᠨ ᠵᠠᠩ ᠦᠶᠯᠡ ᠎ ᠶᠢ ᠪᠡᠶᠡᠴᠢᠯᠡᠨ ᠣᠶᠢᠯᠠᠭᠠᠵᠤ᠂ ᠠᠯᠲᠠᠩᠬᠸ᠎ᠠ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠭ ᠢ ᠰᠣᠨᠢᠷᠬᠠᠵᠤ᠂      ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾᠎ ᠤᠨ ᠪᠠᠷᠠᠭᠤᠨ ᠦᠵᠦᠮᠦᠴᠢᠨ ᠬᠤᠰᠢᠭᠤ ᠪᠠᠷ ᠲᠣᠭᠤᠷᠢᠵᠤ᠂ ᠤᠯᠠᠭᠠᠶ ᠶᠢᠨ ᠣᠯᠠᠨ ᠲᠤᠬᠤᠢ ᠮᠤᠷᠤᠶ ᠰᠠᠷᠤᠶ ᠶᠢ ᠪᠡᠶᠡᠴᠢᠯᠡᠨ ᠣᠶᠢᠯᠠᠭᠠᠵᠤ᠂ ᠤᠷᠢᠬᠠᠨ ᠰᠠᠯᠬᠢᠨ ᠤ ᠠᠶ᠎ᠠ ᠶᠢ ᠳᠠᠭᠠᠵᠤ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠎ ᠢᠶᠠᠷ ᠰᠠᠭᠠᠳ ᠥᠬᠡᠶ ᠠᠶᠠᠯᠠᠨ᠎ᠠ᠃     ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ     ᠬᠥᠬᠡᠬᠤᠲᠠ — ᠤᠯᠠᠭᠠᠨᠬᠤᠲᠠ
202411181731.jpg
   ᠬᠥᠬᠡᠬᠤᠲᠠ — ᠤᠯᠠᠭᠠᠨᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ 2019 ᠣᠨ ᠤ 7 ᠳ᠋ᠤᠭᠠᠷ ᠰᠠᠷ᠎ᠠ ᠶᠢᠨ 26᠎ ᠤ ᠡᠳᠦᠷ ᠨᠡᠪᠲᠡᠷᠡᠵᠦ᠂ ᠲᠢᠶᠠᠨ ᠵᠢᠶᠤᠤ ᠠᠭᠠᠷ ᠤᠨ ᠠᠶᠠᠯᠠᠯ ᠤᠨ ᠺᠣᠮᠫᠠᠨᠢ ᠶᠢᠨ ᠨᠡᠪᠲᠡᠷᠡᠭᠦᠯᠦᠭᠰᠡᠨ ᠠᠩᠬᠠᠳᠠᠭᠴᠢ ᠠᠭᠠᠷ ᠤᠨ ᠠᠶᠠᠯᠠᠯ ᠤᠨ ᠱᠤᠭᠤᠮ ᠪᠣᠯᠬᠤ ᠪᠥᠭᠡᠳ ᠪᠠᠰᠠ ᠠᠩᠬᠠᠳᠠᠭᠴᠢ ᠬᠤᠪᠢᠰᠬᠠᠯᠲᠤ ᠠᠭᠠᠷ ᠤᠨ ᠠᠶᠠᠯᠠᠯ ᠤᠨ ᠱᠤᠭᠤᠮ ᠪᠣᠯᠤᠨ᠎ᠠ᠂ ᠲᠣᠰ ᠠᠭᠠᠷ ᠤᠨ ᠠᠶᠠᠯᠠᠯ ᠤᠨ ᠱᠤᠭᠤᠮ ᠨᠢ ᠤᠯᠤᠰ ᠲᠤ ᠪᠠᠨ ᠦᠶᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠬᠡᠯ ᠳᠤ ᠲᠦᠰᠢᠭᠯᠡᠨ                   ᠬᠥᠬᠡᠬᠤᠲᠠ ︾ ᠪᠣᠯᠤᠨ ︽ᠤᠯᠠᠭᠠᠨᠬᠤᠲᠠ︾᠎ ᠢ ᠨᠢᠭᠲᠠ ᠬᠤᠯᠪᠣᠵᠠᠢ᠃     2021 ᠣᠨ ᠤ 4 ᠰᠠᠷ᠎ᠠ ᠳᠤ ᠲᠢᠶᠠᠨ ᠵᠢᠶᠤᠤ ᠠᠭᠠᠷ ᠤᠨ ᠠᠶᠠᠯᠠᠯ ᠪᠣᠯᠤᠨ ᠬᠢᠩᠭᠠᠨ ᠠᠶᠢᠮᠠᠭ ᠭᠦᠨᠵᠡᠭᠡᠢ ᠬᠠᠮᠲᠤᠷᠠᠯᠴᠠᠵᠤ᠂ ᠬᠤᠪᠢᠰᠬᠠᠯᠲᠤ ᠰᠤᠳᠤᠯᠤᠨ ᠰᠤᠷᠤᠯᠴᠠᠬᠤ ᠲᠦᠷᠦᠯ ᠵᠦᠢᠯ ᠢ ᠭᠠᠷᠭᠠᠪᠠ᠃ ᠲᠣᠰ ᠲᠥᠷᠥᠯ ᠵᠦᠶᠯ ᠎ ᠨᠢ ᠲᠢᠶᠠᠨ ᠵᠢᠶᠤᠤ ᠠᠭᠠᠷ ᠤᠨ ᠠᠶᠠᠯᠠᠯ ᠤᠨ ︽ᠬᠢᠩᠭᠠᠨ ᠨᠡᠷᠡᠮᠵᠢᠲᠦ︾ ᠬᠤᠪᠢᠰᠬᠠᠯᠲᠤ ᠭᠤᠤᠯ ᠰᠡᠳᠦᠪᠲᠦ ᠨᠡᠷ᠎ᠡ ᠬᠠᠳᠠᠭᠰᠠᠨ ᠨᠢᠰᠬᠡᠯ ᠢᠶᠠᠷ ᠠᠵᠠ ᠲᠣᠬᠢᠶᠠᠯ ᠪᠣᠯᠭᠠᠵᠤ᠂ ᠬᠥᠬᠡᠬᠤᠲᠠ — ᠤᠯᠠᠭᠠᠨᠬᠤᠲᠠ ᠶᠢᠨ ᠰᠣᠳᠣᠨ ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ ᠢᠶᠠᠷ ᠲᠦᠰᠢᠭ ᠪᠣᠯᠭᠠᠨ᠂ ᠬᠤᠪᠢᠰᠬᠠᠯᠲᠤ ᠰᠢᠷᠢᠰ ᠬᠥᠳᠡᠯᠭᠡᠭᠡᠨ᠂ ︽ᠬᠢᠩᠭᠠᠨ ᠨᠡᠷᠡᠮᠵᠢᠲᠦ︾ ᠬᠤᠪᠢᠰᠬᠠᠯᠲᠤ ᠭᠤᠤᠯ ᠰᠡᠳᠦᠪᠲᠦ ᠨᠡᠷ᠎ᠡ ᠬᠠᠳᠠᠭᠰᠠᠨ ᠨᠢᠰᠬᠡᠯ ᠤᠨ ᠨᠢᠰᠭᠡᠯ ᠳᠡᠭᠡᠷ᠎ᠡ ᠤᠬᠠᠭᠤᠯᠭ᠎ᠠ ᠶᠢᠨ ᠲᠠᠪᠴᠠᠩ ᠪᠠᠶᠢᠭᠤᠯᠬᠤ᠂ ᠬᠤᠪᠢᠰᠬᠠᠯᠲᠤ ᠰᠤᠳᠤᠯᠤᠨ ᠰᠤᠷᠤᠯᠴᠠᠬᠤ ᠬᠢᠴᠢᠶᠡᠯ ᠢ ᠰᠤᠳᠤᠯᠤᠨ ᠨᠡᠭᠡᠭᠡᠬᠦ᠂ ᠬᠤᠪᠢᠰᠬᠠᠯᠲᠤ ᠰᠤᠳᠤᠯᠤᠨ ᠰᠤᠷᠤᠯᠴᠠᠬᠤ ᠬᠢᠴᠢᠶᠡᠯ ᠵᠢᠴᠢ ᠬᠤᠪᠢᠰᠬᠠᠯᠲᠤ ᠵᠢᠭᠤᠯᠴᠢᠯᠠᠯ ᠢ ᠲᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ᠂ ᠬᠢᠩᠭᠠᠨ ᠠᠶᠢᠮᠠᠭ ᠢ ᠪᠥᠬᠦ ᠤᠯᠤᠰ ᠲᠤ ᠬᠠᠨᠳᠤᠭᠤᠯᠤᠭᠰᠠᠨ ᠠᠯᠳᠠᠷᠲᠤ ᠬᠤᠪᠢᠰᠬᠠᠯᠲᠤ ᠰᠣᠶᠣᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠤᠪᠢᠰᠬᠠᠯᠲᠤ ᠰᠤᠳᠤᠯᠤᠨ ᠰᠤᠷᠤᠯᠴᠠᠬᠤ ᠲᠥᠷᠥᠯ ᠵᠦᠶᠯ ᠢ ᠪᠥᠬᠦ ᠤᠯᠤᠰ ᠤᠨ ᠠᠩᠬᠠᠳᠠᠭᠴᠢ ᠤᠯᠤᠰ ᠲᠤ ᠪᠠᠨ ᠦᠶᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠭᠡᠯ ᠤᠨ ᠬᠤᠪᠢᠰᠬᠠᠯᠲᠤ ᠰᠤᠷᠭᠠᠨ ᠬᠥᠮᠦᠵᠢᠯ ᠤᠨ ᠲᠥᠷᠥᠯ ᠵᠦᠶᠯ ᠪᠣᠯᠭᠠᠨ ᠴᠣᠭᠴᠠᠯᠠᠬᠤ ᠶᠢᠨ ᠬᠠᠮᠲᠤ᠂ ᠬᠤᠪᠢᠰᠬᠠᠯᠲᠤ ᠵᠢᠭᠤᠯᠴᠢᠯᠠᠯ ᠢᠯᠠᠩᠭᠤᠶ᠎ᠠ ᠬᠤᠪᠢᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠬᠢᠩᠭᠠᠨ ᠠᠶᠢᠮᠠᠭ ᠤᠨ ᠵᠢᠭᠤᠯᠴᠢᠯᠠᠯ ᠤᠨ ᠰᠣᠶᠣᠯ ᠤᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠡᠭᠦᠨ ᠤ ᠤᠯᠠᠮ ᠢᠶᠠᠷ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃     ᠬᠥᠬᠡᠬᠤᠲᠠ — ᠤᠯᠠᠭᠠᠨᠬᠤᠲᠠ ᠶᠢᠨ ᠠᠭᠠᠷ ᠤᠨ ᠠᠶᠠᠯᠠᠯ ᠤᠨ ᠱᠤᠭᠤᠮ ᠠᠩᠬ᠎ᠠ ᠠᠶᠠᠯᠠᠭᠰᠠᠨ ᠠᠴᠠ ᠨᠠᠭᠠᠰᠢ᠂ ᠠᠶᠠᠨᠴᠢᠳ ᠢ 30 ᠲᠦᠮᠡᠨ ᠬᠥᠮᠦᠨ ᠤᠳᠠᠭ᠎ᠠ ᠰᠢᠬᠠᠮ ᠵᠥᠭᠡᠭᠡᠪᠦᠷᠢᠯᠡᠵᠦ᠂ ᠲᠤᠬᠠᠢ ᠶᠢᠨ ᠭᠠᠵᠠᠷ ᠤᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠵᠤ ᠪᠣᠯᠬᠤ ᠴᠢᠨᠠᠷ ᠢ ᠳᠡᠭᠡᠭᠰᠢᠯᠡᠭᠦᠯᠵᠦ᠂ ᠤᠯᠠᠭᠠᠨᠬᠤᠲᠠ ᠵᠢᠴᠢ ᠲᠡᠭᠦᠨ ᠤ ᠰᠣᠶᠣᠯ ᠵᠢᠭᠤᠯᠴᠢᠯᠠᠯ ᠎ ᠤᠨ ᠡᠬᠢ ᠪᠠᠶᠠᠯᠢᠭ ᠤᠨ ᠠᠯᠳᠠᠷᠰᠢᠯ ᠢ ᠳᠡᠭᠡᠭᠰᠢᠯᠡᠭᠦᠯᠬᠦ ᠶᠢᠨ ᠬᠠᠮᠲᠤ ᠨᠢᠰᠬᠡᠯ ᠳᠡᠭᠡᠷᠡᠬᠢ wifi᠂ ᠸᠢᠴᠠᠲ ᠤᠨ ᠬᠤᠳᠠᠯᠳᠤᠭ᠎ᠠ᠂ ᠠᠵᠢᠯ ᠲᠦᠷᠦᠯ ᠤᠨ ᠦᠵᠡᠭᠦᠯᠭᠡ ᠶᠢ ᠠᠰᠢᠭᠯᠠᠨ ᠬᠢᠩᠭᠠᠨ ᠠᠶᠢᠮᠠᠭ ᠲᠤ ᠤᠨᠴᠠᠯᠢᠬᠳᠤ ᠦᠢᠯᠡᠳᠬᠦᠨ ᠎ ᠢ ᠤᠬᠠᠭᠤᠯᠤᠨ ᠪᠣᠷᠣᠯᠠᠭᠤᠯᠬᠤ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号