︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠡᠮ ᠤᠨ ᠬᠠᠤᠯᠢ︾ ᠶᠢᠨ ᠳᠥᠴᠢᠨ | ᠳᠣᠯᠣᠳᠤᠭᠠᠷ ᠵᠦᠢᠯ ᠶᠡᠭᠡ ᠳᠤᠮᠳᠠ ᠬᠡᠯᠪᠡᠷᠢ ᠶᠢᠨ ᠵᠠᠰᠠᠮᠠᠯ ᠵᠡᠮ ᠤᠨ ᠬᠥᠭᠦᠷᠭᠡ ᠪᠠ ᠣᠯᠣᠮ ᠤᠨ ᠡᠷᠬᠢᠠ | ᠲᠣᠭᠤᠷᠢᠨ ᠤ ᠬᠤᠶᠠᠷ ᠵᠠᠭᠤᠨ ᠮᠧᠲᠷ᠂ ᠵᠠᠰᠠᠮᠠᠯ ᠵᠡᠮ ᠤᠨ ᠨᠦᠭᠡᠠ ᠵᠡᠮ ᠤᠨ ᠳᠡᠭᠡᠷ᠎ᠡ ᠲᠠᠯ᠎ᠠ ᠪᠠ ᠨᠦᠭᠡᠠ ᠠᠮᠠᠰᠠᠷ | ᠠᠴᠠ ᠭᠠᠳᠠᠭᠰᠢ ᠵᠠᠭᠤᠨ ᠮᠧᠲᠷ ᠤᠨ ᠬᠡᠪᠴᠢᠶᠡᠨ ᠤ ᠳᠣᠲᠣᠷ᠎ᠠ ᠵᠢᠴᠢ ᠵᠠᠰᠠᠮᠠᠯ ᠵᠡᠮ ᠤᠨ ᠬᠤᠶᠠᠷ ᠲᠠᠯ᠎ᠠ ᠶᠢᠨ ᠵᠣᠬᠢᠬᠤ | ᠵᠠᠢ ᠶᠢᠨ ᠳᠣᠲᠣᠷ᠎ᠠ ᠰᠢᠷᠤᠢ ᠮᠠᠯᠲᠠᠬᠤ᠂ ᠴᠢᠯᠠᠭᠤ ᠭᠠᠷᠭᠠᠬᠤ᠂ ᠰᠢᠷᠣᠢ ᠠᠪᠬᠤ᠂ ᠬᠠᠶᠠᠭᠳᠠᠮᠠᠯ ᠪᠣᠳᠠᠰ ᠴᠢᠳᠬᠤᠵᠤ | ᠪᠣᠯᠬᠤ ᠤᠢᠭᠡᠢ᠂ ᠳᠡᠯᠪᠡᠴᠢᠬᠦ ᠠᠵᠢᠯ ᠵᠢᠴᠢ ᠵᠠᠰᠠᠮᠠᠯ ᠵᠡᠮ᠂ ᠵᠠᠰᠠᠮᠠᠯ ᠵᠡᠮ ᠤᠨ ᠬᠥᠭᠦᠷᠭᠡ᠂ ᠵᠠᠰᠠᠮᠠᠯ ᠵᠡᠮ ᠤᠨ ᠨᠦᠭᠡᠠ | ᠵᠡᠮ᠂ ᠵᠠᠰᠠᠮᠠᠯ ᠵᠡᠮ ᠤᠨ ᠣᠯᠣᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠤᠰᠤᠳ | ᠠᠵᠢᠯᠯᠠᠭ᠎ᠠ ᠶᠢ ᠬᠢᠵᠦ ᠪᠣᠯᠬᠤ ᠤᠢᠭᠡᠢ᠃ | ᠡᠮᠦᠨᠡᠬᠢ ᠪᠠᠳᠠᠭ ᠤᠨ ᠬᠡᠪᠴᠢᠶᠡᠨ ᠳᠣᠲᠣᠷ᠎ᠠ ᠠᠶᠤᠯ ᠠᠴᠠ ᠠᠪᠦᠷᠡᠬᠤ᠂ ᠦᠶᠡᠷ ᠢ ᠰᠡᠷᠭᠡᠶᠢᠯᠡᠬᠦ ᠬᠡᠷᠡᠭᠴᠡᠭᠡ | ᠠᠴᠠ ᠪᠤᠯᠵᠦ ᠬᠠᠰᠢᠯᠭ᠎ᠠ ᠲᠡᠯᠡᠩ ᠪᠠᠷᠢᠬᠤ᠂ ᠭᠤᠣᠯ ᠤᠨ ᠭᠤᠯᠳᠤᠷᠢᠯ ᠢ ᠪᠠᠭᠠᠰᠬᠠᠬᠤ ᠪᠤᠶᠤ ᠥᠷᠭᠡᠳᠬᠡᠬᠦ ᠴᠢᠬᠤᠯᠠ | ᠲᠠᠢ ᠪᠣᠯᠪᠠᠯ᠂ ᠤᠷᠢᠳ ᠢᠶᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠵᠡᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠂ ᠤᠰᠦᠠ | ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠵᠥᠪᠰᠢᠶᠡᠷᠡᠭᠦᠯᠬᠦ | ᠶᠢᠨ ᠬᠠᠮᠲᠤ ᠬᠤᠯᠪᠣᠭᠳᠠᠯ ᠪᠦᠬᠦᠢ ᠵᠠᠰᠠᠮᠠᠯ ᠵᠡᠮ᠂ ᠵᠠᠰᠠᠮᠠᠯ ᠵᠡᠮ ᠤᠨ ᠬᠥᠭᠦᠷᠭᠡ᠂ ᠵᠠᠰᠠᠮᠠᠯ ᠵᠡᠮ ᠤᠨ ᠨᠦᠭᠡᠠ ᠵᠡᠮ᠂ | ᠵᠠᠰᠠᠮᠠᠯ ᠵᠡᠮ ᠤᠨ ᠣᠯᠣᠮ ᠤᠨ ᠠᠮᠤᠷ ᠲᠦᠪᠰᠢᠨ ᠢ ᠬᠠᠮᠠᠭᠠᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃ | | ᠲᠡᠯᠡᠠ ᠵᠢᠷᠭᠤᠳᠤᠭᠠᠷ ᠵᠦᠢᠯ ᠤᠨ ︵ᠭᠤᠷᠪᠠ︶ ᠳ᠋ᠤᠭᠠᠷ ᠵᠤᠷᠪᠤᠰ ᠳᠣᠣᠷ᠎ᠠ ᠵᠢᠭᠰᠠᠭᠠᠭᠰᠠᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠵᠡᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠤᠷᠪᠠᠨ ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠄ ︵ᠭᠤᠷᠪᠠ︶ ᠲᠤᠰ ᠬᠠᠤᠯᠢ | ᠶᠢᠨ ᠳᠥᠴᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠵᠠᠰᠠᠮᠠᠯ ᠵᠡᠮ ᠤᠨ ᠠᠮᠤᠷ ᠲᠦᠪᠰᠢᠨ ᠳᠤ | ᠠᠶᠤᠯ ᠲᠦᠭᠰᠢᠭᠦᠷᠢ ᠤᠴᠠᠷᠠᠭᠤᠯᠬᠤ ᠠᠵᠢᠯ ᠬᠢᠭᠰᠡᠨ᠃ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠠᠷᠪᠠᠨ ᠳᠣᠯᠣᠳᠤᠭᠠᠷ ᠵᠦᠢᠯ | ᠳᠣᠣᠷᠠᠬᠢ ᠵᠢᠭᠰᠠᠭᠠᠭᠰᠠᠨ ᠬᠡᠪᠴᠢᠶᠡᠨ ᠳᠣᠲᠣᠷ᠎ᠠ ᠠᠭᠤᠷᠬᠠᠶ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ᠂ | ᠳᠡᠯᠪᠡᠴᠢᠬᠦ ᠠᠵᠢᠯ ᠬᠢᠬᠦ ᠵᠡᠷᠭᠡ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ᠂ | ᠵᠠᠰᠠᠮᠠᠯ ᠵᠠᠮ ᠤᠨ ᠣᠯᠣᠮ ᠤᠨ ᠠᠮᠤᠷ ᠲᠦᠪᠰᠢᠨ ᠳᠤ ᠠᠶᠤᠯ ᠤᠴᠠᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠄ | ︵ᠨᠢᠭᠡ︶ ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠤ ᠵᠠᠮ ᠤᠨ ᠵᠠᠰᠠᠮᠠᠯ ᠵᠠᠮ ᠳᠤ ᠬᠡᠷᠡᠭᠯᠡᠬᠦ ᠭᠠᠵᠠᠷ ᠤᠨ | ᠭᠠᠳᠠᠷ ᠬᠥᠪᠡᠭᠡ ᠠᠴᠠ ᠡᠬᠢᠯᠡᠨ ᠭᠠᠳᠠᠭᠰᠢ 100 ᠮᠧᠲᠷ᠂ ᠰᠢᠶᠠᠩ ᠤᠨ ᠵᠠᠮ ᠤᠨ ᠵᠠᠰᠠᠮᠠᠯ ᠵᠠᠮ ᠳᠤ ᠬᠡᠷᠡᠭᠯᠡᠬᠦ | ᠭᠠᠵᠠᠷ ᠤᠨ ᠭᠠᠳᠠᠷ ᠬᠥᠪᠡᠭᠡ ᠠᠴᠠ ᠡᠬᠢᠯᠡᠨ ᠭᠠᠳᠠᠭᠰᠢ 50 ᠮᠧᠲᠷ︔ ︵ᠬᠤᠶᠠᠷ︶ ᠵᠠᠰᠠᠮᠠᠯ ᠵᠠᠮ ᠤᠨ ᠣᠯᠣᠮ | ᠪᠣᠯᠤᠨ ᠳᠤᠮᠳᠠ ᠬᠡᠯᠪᠡᠷᠢ ᠠᠴᠠ ᠳᠡᠭᠡᠭᠰᠢᠬᠢ ᠵᠠᠰᠠᠮᠠᠯ ᠵᠠᠮ ᠤᠨ ᠬᠥᠭᠦᠷᠭᠡ ᠶᠢᠨ ᠡᠷᠭᠢᠨ ᠲᠣᠭᠤᠷᠢᠨ ᠤ | 200 ᠮᠧᠲᠷ︔ ︵ᠭᠤᠷᠪᠠ︶ ᠵᠠᠰᠠᠮᠠᠯ ᠵᠠᠮ ᠤᠨ ᠨᠦᠬᠡᠨ ᠵᠠᠮ ᠤᠨ ᠳᠡᠭᠡᠷ᠎ᠡ ᠲᠠᠯ᠎ᠠ ᠪᠠ ᠨᠦᠬᠡᠨ ᠠᠮᠠᠰᠠᠷ ᠠᠴᠠ | ᠭᠠᠳᠠᠭᠰᠢ 100 ᠮᠧᠲᠷ᠃ | ᠡᠮᠦᠨᠡᠬᠢ ᠪᠠᠳᠠᠭ ᠲᠤ ᠲᠣᠭᠲᠠᠭᠠᠭᠰᠠᠨ ᠬᠡᠪᠴᠢᠶᠡᠨ ᠳᠣᠲᠣᠷ᠎ᠠ ᠠᠶᠤᠯ ᠠᠴᠠ ᠠᠪᠦᠷᠡᠬᠤ᠂ ᠦᠶᠡᠷ ᠢ ᠰᠡᠷᠭᠡᠶᠢᠯᠡᠬᠦ | ᠶᠢᠨ ᠬᠡᠷᠡᠭᠴᠡᠭᠡ ᠠᠴᠠ ᠪᠤᠯᠵᠦ ᠬᠠᠰᠢᠯᠭ᠎ᠠ ᠲᠡᠯᠡᠩ ᠪᠠᠷᠢᠬᠤ᠂ ᠭᠤᠣᠯ ᠤᠨ ᠭᠤᠯᠳᠤᠷᠢᠯ ᠢ ᠪᠠᠭᠠᠰᠬᠠᠬᠤ ᠪᠤᠶᠤ | ᠥᠷᠭᠡᠳᠬᠡᠬᠦ ᠴᠢᠬᠤᠯᠠ ᠲᠠᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ | ᠤᠨ ᠵᠠᠰᠠᠭ ᠤᠨ ᠣᠷᠳᠣᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ | ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠠᠶᠤᠯ ᠠᠴᠠ ᠰᠡᠷᠭᠡᠶᠢᠯᠡᠬᠦ ᠠᠷᠭ᠎ᠠ | ᠬᠡᠮᠵᠢᠶ᠎ᠡ ᠠᠪᠤᠪᠠᠯ ᠰᠠᠶ᠋ᠢ ᠶᠠᠪᠤᠭᠳᠠᠭᠤᠯᠵᠤ ᠪᠣᠯᠤᠨ᠎ᠠ᠃ |