ᠪᠦᠬᠦ ᠤᠯᠤᠰ ᠤᠨ 68 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ ᠮᠠᠨ ᠤ ᠣᠷᠣᠨ ᠤ ᠬᠤᠶᠠᠷ ᠲᠥᠷᠥᠯ ᠵᠦᠶᠯ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2024/11/18
     11 ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠵᠠᠮ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠤᠯᠤᠰ ᠤᠨ ᠲᠡᠮᠦᠷ ᠵᠠᠮ ᠤᠨ ᠲᠣᠪᠴᠢᠶᠠᠨ ᠤ ᠶᠡᠷᠦᠩᠬᠡᠶ ᠵᠤᠷᠭᠠᠨ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶᠠᠨ ᠤ ᠶᠡᠷᠦᠩᠬᠡᠶ ᠵᠤᠷᠭᠠᠨ᠂ ᠤᠯᠤᠰ ᠤᠨ ᠰᠢᠦᠳᠠᠨ ᠤ ᠲᠣᠪᠴᠢᠶᠠᠨ ᠤ ᠠᠯᠪᠠᠨ ᠭᠡᠷ᠂ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠯᠪᠠᠨ ᠲᠢᠩᠬᠢᠮ ᠬᠠᠮᠲᠤᠷᠠᠨ ︽ᠬᠤᠶᠠᠳᠤᠭᠠᠷ ᠪᠦᠯᠦᠭ ᠤᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠶᠢ ᠨᠡᠶᠢᠲᠡᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ 68 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ︾᠂ ᠬᠥᠬᠡᠬᠤᠲᠠ — ᠤᠯᠠᠭᠠᠨᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ ᠲᠣᠰ ᠲᠣᠰ ᠭᠤᠤᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ᠂ ᠠᠭᠠᠷ ᠤᠨ ᠠᠶᠠᠯᠠᠯ ᠤᠨ ᠵᠢᠭᠤᠯᠴᠢᠯᠠᠯ ᠤᠨ ᠦᠶᠯᠡᠳᠬᠦᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃      ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ      ᠰᠢᠯᠢ ᠶᠢᠨ ᠭᠤᠤᠯ
202411181730.jpg
    ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠪᠣᠯ ᠭᠤᠤᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠳᠤ ᠲᠦᠰᠢᠭᠯᠡᠨ ᠪᠠᠶᠢᠭᠤᠯᠤᠭᠰᠠᠨ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ ᠪᠣᠯᠤᠨ᠎ᠠ᠂ ᠭᠤᠤᠯ ᠱᠤᠭᠤᠮ ᠳᠤ ᠬᠠᠶᠢᠯᠠᠷ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ G1013 ︵ᠰᠢᠯᠢ ᠶᠢᠨ ᠭᠤᠤᠯ ᠤᠨ ᠬᠡᠰᠡᠭ︶᠂ G207 ᠲᠠᠶᠢᠹᠤᠰᠧ ᠬᠤᠰᠢᠭᠤ - ᠰᠢᠯᠤᠭᠤᠨ ᠬᠥᠬᠡ ᠬᠤᠰᠢᠭᠤ - ᠪᠠᠷᠠᠭᠤᠨ ᠦᠵᠦᠮᠦᠴᠢᠨ ᠬᠤᠰᠢᠭᠤᠨ ᠤ ᠬᠡᠰᠡᠭ᠂ G510 ᠲᠤᠯᠤᠨ ᠨᠠᠭᠤᠷ ᠰᠢᠶᠠᠨ ᠤ ᠬᠡᠰᠡᠭ᠂ S206 ᠪᠠᠷᠠᠭᠤᠨ ᠦᠵᠦᠮᠦᠴᠢᠨ ᠬᠤᠰᠢᠭᠤ - ᠵᠡᠭᠦᠨ ᠦᠵᠦᠮᠦᠴᠢᠨ ᠬᠤᠰᠢᠭᠤ - ᠤᠯᠠᠭᠠᠶ ᠬᠠᠮᠢᠶᠠᠷᠤᠯᠲᠠ ᠶᠢᠨ ᠣᠷᠣᠨ ᠤ ᠬᠡᠰᠡᠭ ᠨᠡᠶᠢᠲᠡ 672 ᠺᠢᠯᠣᠮᠧᠲᠷ ᠪᠠᠶᠢᠵᠤ᠂ ᠰᠢᠯᠢ ᠶᠢᠨ ᠭᠤᠤᠯ ᠠᠶᠢᠮᠠᠭ ᠤᠨ ᠲᠤᠯᠤᠭᠠᠨ ᠬᠤᠰᠢᠭᠤ ᠰᠢᠶᠠᠨ ᠬᠤᠲᠠ ︵ᠲᠣᠭᠤᠷᠢᠭ︶ ᠳᠤ ᠨᠡᠪᠲᠡᠷᠡᠵᠦ᠂ ᠶᠤᠸᠠᠨ ᠤᠯᠤᠰ ᠤᠨ ᠳᠡᠭᠡᠳᠦ ᠨᠡᠶᠢᠰᠯᠡᠯ  ᠤᠨ ᠪᠠᠭᠤᠷᠢ᠂ ᠲᠤᠯᠤᠨ ᠨᠠᠭᠤᠷ᠂ ᠰᠢᠯᠢ ᠶᠢᠨ ᠬᠤᠲᠠ ᠶᠢᠨ ᠠᠳᠤᠭᠤᠨ ᠰᠤᠶᠤᠯ ᠤᠨ ᠲᠥᠪ ᠤᠨ ᠭᠤᠤᠯ ᠲᠣᠭᠤᠷᠢᠭ  ᠤᠨ ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠤᠯᠠᠭᠠᠨ ᠤᠲᠠᠶ᠂ ᠤᠯᠠᠭᠠᠶ ᠶᠢᠨ ᠣᠯᠠᠨ ᠲᠤᠬᠤᠢ ᠵᠡᠷᠭᠡ 43 ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ ᠢ ᠬᠤᠯᠪᠤᠪᠠ᠃      ᠪᠦᠬᠦ ᠱᠤᠭᠤᠮ ᠳᠤ ᠭᠤᠷᠪᠠᠨ ᠳᠡᠰ ᠤᠨ ᠵᠢᠭᠤᠯᠴᠢᠯᠠᠯ ᠤᠨ ᠦᠢᠯᠡᠴᠢᠯᠡᠭᠡᠨ ᠤ ᠥᠷᠲᠡᠭᠡ᠂ ᠠᠶᠢᠮᠠᠭ ᠮᠤᠵᠢ ᠬᠤᠶᠠᠷ ᠱᠠᠲᠤᠨ ᠤ ᠡᠭᠦᠳᠡ ᠡᠷᠦᠬᠡ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ  ᠤᠨ ᠬᠡᠪᠴᠢᠶᠡᠨ ᠳᠤ ᠬᠠᠮᠤᠭ ᠤᠨ ᠤᠷᠲᠤ ᠲᠠᠯ᠎ᠠ ᠨᠤᠲᠤᠭ ᠤᠨ ᠵᠢᠭᠤᠯᠴᠢᠯᠠᠯ ᠢᠶᠠᠷ ᠭᠤᠣᠯ ᠰᠡᠳᠦᠪ ᠪᠣᠯᠭᠠᠭᠰᠠᠨ ᠵᠠᠮ ᠱᠤᠭᠤᠮ ᠪᠣᠯᠤᠨ᠎ᠠ᠃ ᠪᠥᠬᠦ ᠱᠤᠭᠤᠮ ᠢᠶᠠᠷ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠢᠶᠠᠨ ᠴᠢᠶᠠᠩ ᠲᠣᠰᠬᠤᠨ᠂ ᠳ᠋ᠠ ᠬᠥ᠋ ᠱᠠᠨ ᠲᠣᠰᠬᠤᠨ ᠤ ᠨᠤᠲᠤᠭ ᠤᠨ ᠵᠠᠩ ᠦᠶᠯᠡ  ᠶᠢ ᠪᠡᠶᠡᠴᠢᠯᠡᠨ ᠣᠶᠢᠯᠠᠭᠠᠵᠤ᠂ ᠠᠯᠲᠠᠩᠬᠸ᠎ᠠ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠭ ᠢ ᠰᠣᠨᠢᠷᠬᠠᠵᠤ᠂      ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠤᠨ ᠪᠠᠷᠠᠭᠤᠨ ᠦᠵᠦᠮᠦᠴᠢᠨ ᠬᠤᠰᠢᠭᠤ ᠪᠠᠷ ᠲᠣᠭᠤᠷᠢᠵᠤ᠂ ᠤᠯᠠᠭᠠᠶ ᠶᠢᠨ ᠣᠯᠠᠨ ᠲᠤᠬᠤᠢ ᠮᠤᠷᠤᠶ ᠰᠠᠷᠤᠶ ᠶᠢ ᠪᠡᠶᠡᠴᠢᠯᠡᠨ ᠣᠶᠢᠯᠠᠭᠠᠵᠤ᠂ ᠤᠷᠢᠬᠠᠨ ᠰᠠᠯᠬᠢᠨ ᠤ ᠠᠶ᠎ᠠ ᠶᠢ ᠳᠠᠭᠠᠵᠤ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ  ᠢᠶᠠᠷ ᠰᠠᠭᠠᠳ ᠥᠬᠡᠶ ᠠᠶᠠᠯᠠᠨ᠎ᠠ᠃     ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ     ᠬᠥᠬᠡᠬᠤᠲᠠ — ᠤᠯᠠᠭᠠᠨᠬᠤᠲᠠ
202411181731.jpg
   ᠬᠥᠬᠡᠬᠤᠲᠠ — ᠤᠯᠠᠭᠠᠨᠬᠤᠲᠠ ᠶᠢᠨ ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ 2019 ᠣᠨ ᠤ 7 ᠳ᠋ᠤᠭᠠᠷ ᠰᠠᠷ᠎ᠠ ᠶᠢᠨ 26 ᠤ ᠡᠳᠦᠷ ᠨᠡᠪᠲᠡᠷᠡᠵᠦ᠂ ᠲᠢᠶᠠᠨ ᠵᠢᠶᠤᠤ ᠠᠭᠠᠷ ᠤᠨ ᠠᠶᠠᠯᠠᠯ ᠤᠨ ᠺᠣᠮᠫᠠᠨᠢ ᠶᠢᠨ ᠨᠡᠪᠲᠡᠷᠡᠭᠦᠯᠦᠭᠰᠡᠨ ᠠᠩᠬᠠᠳᠠᠭᠴᠢ ᠠᠭᠠᠷ ᠤᠨ ᠠᠶᠠᠯᠠᠯ ᠤᠨ ᠱᠤᠭᠤᠮ ᠪᠣᠯᠬᠤ ᠪᠥᠭᠡᠳ ᠪᠠᠰᠠ ᠠᠩᠬᠠᠳᠠᠭᠴᠢ ᠬᠤᠪᠢᠰᠬᠠᠯᠲᠤ ᠠᠭᠠᠷ ᠤᠨ ᠠᠶᠠᠯᠠᠯ ᠤᠨ ᠱᠤᠭᠤᠮ ᠪᠣᠯᠤᠨ᠎ᠠ᠂ ᠲᠣᠰ ᠠᠭᠠᠷ ᠤᠨ ᠠᠶᠠᠯᠠᠯ ᠤᠨ ᠱᠤᠭᠤᠮ ᠨᠢ ᠤᠯᠤᠰ ᠲᠤ ᠪᠠᠨ ᠦᠶᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠬᠡᠯ ᠳᠤ ᠲᠦᠰᠢᠭᠯᠡᠨ                   ᠬᠥᠬᠡᠬᠤᠲᠠ ︾ ᠪᠣᠯᠤᠨ ︽ᠤᠯᠠᠭᠠᠨᠬᠤᠲᠠ︾ ᠢ ᠨᠢᠭᠲᠠ ᠬᠤᠯᠪᠣᠵᠠᠢ᠃     2021 ᠣᠨ ᠤ 4 ᠰᠠᠷ᠎ᠠ ᠳᠤ ᠲᠢᠶᠠᠨ ᠵᠢᠶᠤᠤ ᠠᠭᠠᠷ ᠤᠨ ᠠᠶᠠᠯᠠᠯ ᠪᠣᠯᠤᠨ ᠬᠢᠩᠭᠠᠨ ᠠᠶᠢᠮᠠᠭ ᠭᠦᠨᠵᠡᠭᠡᠢ ᠬᠠᠮᠲᠤᠷᠠᠯᠴᠠᠵᠤ᠂ ᠬᠤᠪᠢᠰᠬᠠᠯᠲᠤ ᠰᠤᠳᠤᠯᠤᠨ ᠰᠤᠷᠤᠯᠴᠠᠬᠤ ᠲᠦᠷᠦᠯ ᠵᠦᠢᠯ ᠢ ᠭᠠᠷᠭᠠᠪᠠ᠃ ᠲᠣᠰ ᠲᠥᠷᠥᠯ ᠵᠦᠶᠯ  ᠨᠢ ᠲᠢᠶᠠᠨ ᠵᠢᠶᠤᠤ ᠠᠭᠠᠷ ᠤᠨ ᠠᠶᠠᠯᠠᠯ ᠤᠨ ︽ᠬᠢᠩᠭᠠᠨ ᠨᠡᠷᠡᠮᠵᠢᠲᠦ︾ ᠬᠤᠪᠢᠰᠬᠠᠯᠲᠤ ᠭᠤᠤᠯ ᠰᠡᠳᠦᠪᠲᠦ ᠨᠡᠷ᠎ᠡ ᠬᠠᠳᠠᠭᠰᠠᠨ ᠨᠢᠰᠬᠡᠯ ᠢᠶᠠᠷ ᠠᠵᠠ ᠲᠣᠬᠢᠶᠠᠯ ᠪᠣᠯᠭᠠᠵᠤ᠂ ᠬᠥᠬᠡᠬᠤᠲᠠ — ᠤᠯᠠᠭᠠᠨᠬᠤᠲᠠ ᠶᠢᠨ ᠰᠣᠳᠣᠨ ᠬᠤᠪᠢᠰᠬᠠᠯᠲᠤ ᠵᠢᠭᠤᠯᠴᠢᠯᠠᠯ ᠤᠨ ᠠᠭᠠᠷ ᠤᠨ ᠠᠶᠠᠯᠠᠯ ᠤᠨ ᠱᠤᠭᠤᠮ ᠢᠶᠠᠷ ᠲᠦᠰᠢᠭ ᠪᠣᠯᠭᠠᠨ᠂ ᠬᠤᠪᠢᠰᠬᠠᠯᠲᠤ ᠰᠢᠷᠢᠰ ᠬᠥᠳᠡᠯᠭᠡᠭᠡᠨ᠂ ︽ᠬᠢᠩᠭᠠᠨ ᠨᠡᠷᠡᠮᠵᠢᠲᠦ︾ ᠬᠤᠪᠢᠰᠬᠠᠯᠲᠤ ᠭᠤᠤᠯ ᠰᠡᠳᠦᠪᠲᠦ ᠨᠡᠷ᠎ᠡ ᠬᠠᠳᠠᠭᠰᠠᠨ ᠨᠢᠰᠬᠡᠯ ᠤᠨ ᠨᠢᠰᠭᠡᠯ ᠳᠡᠭᠡᠷ᠎ᠡ ᠤᠬᠠᠭᠤᠯᠭ᠎ᠠ ᠶᠢᠨ ᠲᠠᠪᠴᠠᠩ ᠪᠠᠶᠢᠭᠤᠯᠬᠤ᠂ ᠬᠤᠪᠢᠰᠬᠠᠯᠲᠤ ᠰᠤᠳᠤᠯᠤᠨ ᠰᠤᠷᠤᠯᠴᠠᠬᠤ ᠬᠢᠴᠢᠶᠡᠯ ᠢ ᠰᠤᠳᠤᠯᠤᠨ ᠨᠡᠭᠡᠭᠡᠬᠦ᠂ ᠬᠤᠪᠢᠰᠬᠠᠯᠲᠤ ᠰᠤᠳᠤᠯᠤᠨ ᠰᠤᠷᠤᠯᠴᠠᠬᠤ ᠬᠢᠴᠢᠶᠡᠯ ᠵᠢᠴᠢ ᠬᠤᠪᠢᠰᠬᠠᠯᠲᠤ ᠵᠢᠭᠤᠯᠴᠢᠯᠠᠯ ᠢ ᠲᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ᠂ ᠬᠢᠩᠭᠠᠨ ᠠᠶᠢᠮᠠᠭ ᠢ ᠪᠥᠬᠦ ᠤᠯᠤᠰ ᠲᠤ ᠬᠠᠨᠳᠤᠭᠤᠯᠤᠭᠰᠠᠨ ᠠᠯᠳᠠᠷᠲᠤ ᠬᠤᠪᠢᠰᠬᠠᠯᠲᠤ ᠰᠣᠶᠣᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠤᠪᠢᠰᠬᠠᠯᠲᠤ ᠰᠤᠳᠤᠯᠤᠨ ᠰᠤᠷᠤᠯᠴᠠᠬᠤ ᠲᠥᠷᠥᠯ ᠵᠦᠶᠯ ᠢ ᠪᠥᠬᠦ ᠤᠯᠤᠰ ᠤᠨ ᠠᠩᠬᠠᠳᠠᠭᠴᠢ ᠤᠯᠤᠰ ᠲᠤ ᠪᠠᠨ ᠦᠶᠯᠡᠳᠪᠦᠷᠢᠯᠡᠭᠰᠡᠨ ᠠᠷᠠᠳ ᠤᠨ ᠬᠡᠷᠡᠭᠯᠡᠭᠡᠨ ᠤ ᠨᠢᠰᠭᠡᠯ ᠤᠨ ᠬᠤᠪᠢᠰᠬᠠᠯᠲᠤ ᠰᠤᠷᠭᠠᠨ ᠬᠥᠮᠦᠵᠢᠯ ᠤᠨ ᠲᠥᠷᠥᠯ ᠵᠦᠶᠯ ᠪᠣᠯᠭᠠᠨ ᠴᠣᠭᠴᠠᠯᠠᠬᠤ ᠶᠢᠨ ᠬᠠᠮᠲᠤ᠂ ᠬᠤᠪᠢᠰᠬᠠᠯᠲᠤ ᠵᠢᠭᠤᠯᠴᠢᠯᠠᠯ ᠢᠯᠠᠩᠭᠤᠶ᠎ᠠ ᠬᠤᠪᠢᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠬᠢᠩᠭᠠᠨ ᠠᠶᠢᠮᠠᠭ ᠤᠨ ᠵᠢᠭᠤᠯᠴᠢᠯᠠᠯ ᠤᠨ ᠰᠣᠶᠣᠯ ᠤᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠡᠭᠦᠨ ᠤ ᠤᠯᠠᠮ ᠢᠶᠠᠷ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃     ᠬᠥᠬᠡᠬᠤᠲᠠ — ᠤᠯᠠᠭᠠᠨᠬᠤᠲᠠ ᠶᠢᠨ ᠠᠭᠠᠷ ᠤᠨ ᠠᠶᠠᠯᠠᠯ ᠤᠨ ᠱᠤᠭᠤᠮ ᠠᠩᠬ᠎ᠠ ᠠᠶᠠᠯᠠᠭᠰᠠᠨ ᠠᠴᠠ ᠨᠠᠭᠠᠰᠢ᠂ ᠠᠶᠠᠨᠴᠢᠳ ᠢ 30 ᠲᠦᠮᠡᠨ ᠬᠥᠮᠦᠨ ᠤᠳᠠᠭ᠎ᠠ ᠰᠢᠬᠠᠮ ᠵᠥᠭᠡᠭᠡᠪᠦᠷᠢᠯᠡᠵᠦ᠂ ᠲᠤᠬᠠᠢ ᠶᠢᠨ ᠭᠠᠵᠠᠷ ᠤᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠵᠤ ᠪᠣᠯᠬᠤ ᠴᠢᠨᠠᠷ ᠢ ᠳᠡᠭᠡᠭᠰᠢᠯᠡᠭᠦᠯᠵᠦ᠂ ᠤᠯᠠᠭᠠᠨᠬᠤᠲᠠ ᠵᠢᠴᠢ ᠲᠡᠭᠦᠨ ᠤ ᠰᠣᠶᠣᠯ ᠵᠢᠭᠤᠯᠴᠢᠯᠠᠯ  ᠤᠨ ᠡᠬᠢ ᠪᠠᠶᠠᠯᠢᠭ ᠤᠨ ᠠᠯᠳᠠᠷᠰᠢᠯ ᠢ ᠳᠡᠭᠡᠭᠰᠢᠯᠡᠭᠦᠯᠬᠦ ᠶᠢᠨ ᠬᠠᠮᠲᠤ ᠨᠢᠰᠬᠡᠯ ᠳᠡᠭᠡᠷᠡᠬᠢ wifi᠂ ᠸᠢᠴᠠᠲ ᠤᠨ ᠬᠤᠳᠠᠯᠳᠤᠭ᠎ᠠ᠂ ᠠᠵᠢᠯ ᠲᠦᠷᠦᠯ ᠤᠨ ᠦᠵᠡᠭᠦᠯᠭᠡ ᠶᠢ ᠠᠰᠢᠭᠯᠠᠨ ᠬᠢᠩᠭᠠᠨ ᠠᠶᠢᠮᠠᠭ ᠲᠤ ᠤᠨᠴᠠᠯᠢᠬᠳᠤ ᠦᠢᠯᠡᠳᠬᠦᠨ  ᠢ ᠤᠬᠠᠭᠤᠯᠤᠨ ᠪᠣᠷᠣᠯᠠᠭᠤᠯᠬᠤ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号