ᠪᠠᠷᠠᠭᠠᠨ ᠤ ᠲᠡᠭᠡᠭᠡᠪᠦᠷᠢ᠄ ᠵᠠᠰᠠᠮᠠᠯ ᠵᠠᠮ ᠤᠨ ᠬᠤᠶᠠᠷ ᠲᠠᠯ᠎ᠠ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ᠂ ᠵᠠᠰᠠᠮᠠᠯ ᠵᠠᠮ ᠤᠨ ᠣᠯᠣᠮ ᠠᠴᠠ ᠵᠣᠬᠢᠬᠤ ᠵᠠᠶ ᠶᠢᠨ ᠳᠣᠲᠣᠷ᠎ᠠ ᠡᠯᠡᠰᠦ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ᠂ ᠬᠠᠶᠠᠭᠳᠠᠮᠠᠯ ᠪᠣᠳᠠᠰ ᠴᠢᠳᠬᠤᠬᠤ᠂ ᠳᠡᠯᠪᠡᠴᠢᠬᠦ ᠠᠵᠢᠯ ᠬᠢᠬᠦ ᠵᠢᠴᠢ ᠪᠤᠰᠤᠳ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ᠂ ᠵᠠᠰᠠᠮᠠᠯ ᠵᠠᠮ ᠤᠨ ᠣᠯᠣᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠶᠢ ᠬᠡᠷᠬᠢᠨ ᠰᠢᠢᠳᠬᠡᠬᠦ ᠪᠣᠶ︖
ᠨᠡᠶᠢᠲᠡᠯᠡᠭᠰᠡᠨ ᠴᠠᠭ᠄
2024/11/18
      ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠡᠮ ᠤᠨ ᠬᠠᠤᠯᠢ︾ ᠶᠢᠨ ᠳᠥᠴᠢᠨ ᠳᠣᠯᠣᠳᠤᠭᠠᠷ ᠵᠦᠢᠯ    ᠶᠡᠭᠡ ᠳᠤᠮᠳᠠ ᠬᠡᠯᠪᠡᠷᠢ ᠶᠢᠨ ᠵᠠᠰᠠᠮᠠᠯ ᠵᠡᠮ ᠤᠨ ᠬᠥᠭᠦᠷᠭᠡ ᠪᠠ ᠣᠯᠣᠮ ᠤᠨ ᠡᠷᠬᠢᠠ ᠲᠣᠭᠤᠷᠢᠨ ᠤ ᠬᠤᠶᠠᠷ ᠵᠠᠭᠤᠨ ᠮᠧᠲᠷ᠂ ᠵᠠᠰᠠᠮᠠᠯ ᠵᠡᠮ ᠤᠨ ᠨᠦᠭᠡᠠ ᠵᠡᠮ ᠤᠨ ᠳᠡᠭᠡᠷ᠎ᠡ ᠲᠠᠯ᠎ᠠ ᠪᠠ ᠨᠦᠭᠡᠠ ᠠᠮᠠᠰᠠᠷ  ᠠᠴᠠ ᠭᠠᠳᠠᠭᠰᠢ ᠵᠠᠭᠤᠨ ᠮᠧᠲᠷ ᠤᠨ ᠬᠡᠪᠴᠢᠶᠡᠨ ᠤ ᠳᠣᠲᠣᠷ᠎ᠠ ᠵᠢᠴᠢ ᠵᠠᠰᠠᠮᠠᠯ ᠵᠡᠮ ᠤᠨ ᠬᠤᠶᠠᠷ ᠲᠠᠯ᠎ᠠ ᠶᠢᠨ ᠵᠣᠬᠢᠬᠤ ᠵᠠᠢ ᠶᠢᠨ ᠳᠣᠲᠣᠷ᠎ᠠ ᠰᠢᠷᠤᠢ ᠮᠠᠯᠲᠠᠬᠤ᠂ ᠴᠢᠯᠠᠭᠤ ᠭᠠᠷᠭᠠᠬᠤ᠂ ᠰᠢᠷᠣᠢ ᠠᠪᠬᠤ᠂ ᠬᠠᠶᠠᠭᠳᠠᠮᠠᠯ ᠪᠣᠳᠠᠰ ᠴᠢᠳᠬᠤᠵᠤ ᠪᠣᠯᠬᠤ ᠤᠢᠭᠡᠢ᠂ ᠳᠡᠯᠪᠡᠴᠢᠬᠦ ᠠᠵᠢᠯ ᠵᠢᠴᠢ ᠵᠠᠰᠠᠮᠠᠯ ᠵᠡᠮ᠂ ᠵᠠᠰᠠᠮᠠᠯ ᠵᠡᠮ ᠤᠨ ᠬᠥᠭᠦᠷᠭᠡ᠂ ᠵᠠᠰᠠᠮᠠᠯ ᠵᠡᠮ ᠤᠨ ᠨᠦᠭᠡᠠ ᠵᠡᠮ᠂ ᠵᠠᠰᠠᠮᠠᠯ ᠵᠡᠮ ᠤᠨ ᠣᠯᠣᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠤᠰᠤᠳ ᠠᠵᠢᠯᠯᠠᠭ᠎ᠠ ᠶᠢ ᠬᠢᠵᠦ ᠪᠣᠯᠬᠤ ᠤᠢᠭᠡᠢ᠃      ᠡᠮᠦᠨᠡᠬᠢ ᠪᠠᠳᠠᠭ ᠤᠨ ᠬᠡᠪᠴᠢᠶᠡᠨ ᠳᠣᠲᠣᠷ᠎ᠠ ᠠᠶᠤᠯ ᠠᠴᠠ ᠠᠪᠦᠷᠡᠬᠤ᠂ ᠦᠶᠡᠷ ᠢ ᠰᠡᠷᠭᠡᠶᠢᠯᠡᠬᠦ ᠬᠡᠷᠡᠭᠴᠡᠭᠡ  ᠠᠴᠠ ᠪᠤᠯᠵᠦ ᠬᠠᠰᠢᠯᠭ᠎ᠠ ᠲᠡᠯᠡᠩ ᠪᠠᠷᠢᠬᠤ᠂ ᠭᠤᠣᠯ ᠤᠨ ᠭᠤᠯᠳᠤᠷᠢᠯ ᠢ ᠪᠠᠭᠠᠰᠬᠠᠬᠤ ᠪᠤᠶᠤ ᠥᠷᠭᠡᠳᠬᠡᠬᠦ ᠴᠢᠬᠤᠯᠠ  ᠲᠠᠢ ᠪᠣᠯᠪᠠᠯ᠂ ᠤᠷᠢᠳ ᠢᠶᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠡᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠂ ᠤᠰᠦᠠ  ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠵᠥᠪᠰᠢᠶᠡᠷᠡᠭᠦᠯᠬᠦ  ᠶᠢᠨ ᠬᠠᠮᠲᠤ ᠬᠤᠯᠪᠣᠭᠳᠠᠯ ᠪᠦᠬᠦᠢ ᠵᠠᠰᠠᠮᠠᠯ ᠵᠡᠮ᠂ ᠵᠠᠰᠠᠮᠠᠯ ᠵᠡᠮ ᠤᠨ ᠬᠥᠭᠦᠷᠭᠡ᠂ ᠵᠠᠰᠠᠮᠠᠯ ᠵᠡᠮ ᠤᠨ ᠨᠦᠭᠡᠠ ᠵᠡᠮ᠂ ᠵᠠᠰᠠᠮᠠᠯ ᠵᠡᠮ ᠤᠨ ᠣᠯᠣᠮ ᠤᠨ ᠠᠮᠤᠷ ᠲᠦᠪᠰᠢᠨ ᠢ ᠬᠠᠮᠠᠭᠠᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃     ᠲᠡᠯᠡᠠ ᠵᠢᠷᠭᠤᠳᠤᠭᠠᠷ ᠵᠦᠢᠯ ᠤᠨ ︵ᠭᠤᠷᠪᠠ︶ ᠳ᠋ᠤᠭᠠᠷ ᠵᠤᠷᠪᠤᠰ   ᠳᠣᠣᠷ᠎ᠠ ᠵᠢᠭᠰᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠵᠡᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠄ ︵ᠭᠤᠷᠪᠠ︶ ᠲᠤᠰ ᠬᠠᠤᠯᠢ  ᠶᠢᠨ ᠳᠥᠴᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠵᠠᠰᠠᠮᠠᠯ ᠵᠡᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠠᠵᠢᠯ ᠬᠢᠭᠰᠡᠨ᠃      ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠠᠷᠪᠠᠨ ᠳᠣᠯᠣᠳᠤᠭᠠᠷ ᠵᠦᠢᠯ   ᠳᠣᠣᠷᠠᠬᠢ ᠵᠢᠭᠰᠠᠭᠠᠭᠰᠠᠨ ᠬᠡᠪᠴᠢᠶᠡᠨ ᠳᠣᠲᠣᠷ᠎ᠠ ᠠᠭᠤᠷᠬᠠᠶ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ᠂ ᠳᠡᠯᠪᠡᠴᠢᠬᠦ ᠠᠵᠢᠯ ᠬᠢᠬᠦ ᠵᠡᠷᠭᠡ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ᠂ ᠵᠠᠰᠠᠮᠠᠯ ᠵᠠᠮ ᠤᠨ ᠣᠯᠣᠮ ᠤᠨ ᠠᠮᠤᠷ ᠲᠦᠪᠰᠢᠨ ᠳᠤ ᠠᠶᠤᠯ ᠤᠴᠠᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠄      ︵ᠨᠢᠭᠡ︶ ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠤ ᠵᠠᠮ ᠤᠨ ᠵᠠᠰᠠᠮᠠᠯ ᠵᠠᠮ ᠳᠤ ᠬᠡᠷᠡᠭᠯᠡᠬᠦ ᠭᠠᠵᠠᠷ ᠤᠨ ᠭᠠᠳᠠᠷ ᠬᠥᠪᠡᠭᠡ ᠠᠴᠠ ᠡᠬᠢᠯᠡᠨ ᠭᠠᠳᠠᠭᠰᠢ 100 ᠮᠧᠲᠷ᠂ ᠰᠢᠶᠠᠩ ᠤᠨ ᠵᠠᠮ ᠤᠨ ᠵᠠᠰᠠᠮᠠᠯ ᠵᠠᠮ ᠳᠤ ᠬᠡᠷᠡᠭᠯᠡᠬᠦ ᠭᠠᠵᠠᠷ ᠤᠨ ᠭᠠᠳᠠᠷ ᠬᠥᠪᠡᠭᠡ ᠠᠴᠠ ᠡᠬᠢᠯᠡᠨ ᠭᠠᠳᠠᠭᠰᠢ 50 ᠮᠧᠲᠷ︔ ︵ᠬᠤᠶᠠᠷ︶ ᠵᠠᠰᠠᠮᠠᠯ ᠵᠠᠮ ᠤᠨ ᠣᠯᠣᠮ ᠪᠣᠯᠤᠨ ᠳᠤᠮᠳᠠ ᠬᠡᠯᠪᠡᠷᠢ ᠠᠴᠠ ᠳᠡᠭᠡᠭᠰᠢᠬᠢ ᠵᠠᠰᠠᠮᠠᠯ ᠵᠠᠮ ᠤᠨ ᠬᠥᠭᠦᠷᠭᠡ ᠶᠢᠨ ᠡᠷᠭᠢᠨ ᠲᠣᠭᠤᠷᠢᠨ ᠤ         200 ᠮᠧᠲᠷ︔ ︵ᠭᠤᠷᠪᠠ︶ ᠵᠠᠰᠠᠮᠠᠯ ᠵᠠᠮ ᠤᠨ ᠨᠦᠬᠡᠨ ᠵᠠᠮ ᠤᠨ ᠳᠡᠭᠡᠷ᠎ᠡ ᠲᠠᠯ᠎ᠠ ᠪᠠ ᠨᠦᠬᠡᠨ ᠠᠮᠠᠰᠠᠷ ᠠᠴᠠ ᠭᠠᠳᠠᠭᠰᠢ 100 ᠮᠧᠲᠷ᠃      ᠡᠮᠦᠨᠡᠬᠢ ᠪᠠᠳᠠᠭ ᠲᠤ ᠲᠣᠭᠲᠠᠭᠠᠭᠰᠠᠨ ᠬᠡᠪᠴᠢᠶᠡᠨ ᠳᠣᠲᠣᠷ᠎ᠠ ᠠᠶᠤᠯ ᠠᠴᠠ ᠠᠪᠦᠷᠡᠬᠤ᠂ ᠦᠶᠡᠷ ᠢ ᠰᠡᠷᠭᠡᠶᠢᠯᠡᠬᠦ  ᠶᠢᠨ ᠬᠡᠷᠡᠭᠴᠡᠭᠡ ᠠᠴᠠ ᠪᠤᠯᠵᠦ ᠬᠠᠰᠢᠯᠭ᠎ᠠ ᠲᠡᠯᠡᠩ ᠪᠠᠷᠢᠬᠤ᠂ ᠭᠤᠣᠯ ᠤᠨ ᠭᠤᠯᠳᠤᠷᠢᠯ ᠢ ᠪᠠᠭᠠᠰᠬᠠᠬᠤ ᠪᠤᠶᠤ ᠥᠷᠭᠡᠳᠬᠡᠬᠦ ᠴᠢᠬᠤᠯᠠ ᠲᠠᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ  ᠤᠨ ᠵᠠᠰᠠᠭ ᠤᠨ ᠣᠷᠳᠣᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠡᠪᠡ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠠᠶᠤᠯ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠤᠪᠠᠯ ᠰᠠᠶ᠋ᠢ ᠶᠠᠪᠤᠭᠳᠠᠭᠤᠯᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号