332 ᠤᠯᠤᠰ ᠤᠨ ᠵᠠᠮ ᠤᠨ ᠬᠠᠶᠢᠯᠠᠷ ᠤᠨ ᠪᠠᠷᠠᠭᠤᠨ ᠵᠠᠮ ᠤᠨ ᠠᠭᠤᠯᠵᠠᠷ ᠤᠨ ᠬᠤᠯᠪᠣᠬᠤ ᠱᠤᠭᠤᠮ ᠤᠨ ᠪᠠᠷᠢᠯᠭ᠎ᠠ ᠨᠢ ᠪᠠᠷᠢᠯᠭ᠎ᠠ ᠲᠤᠰᠢᠶᠠᠬᠤ ᠰᠢᠯᠭᠠᠨ ᠪᠠᠶᠢᠴᠠᠭᠠᠯᠲᠠ ᠶᠢ ᠥᠩᠭᠡᠷᠡᠭᠡᠪᠡ
ᠨᠡᠶᠢᠲᠡᠯᠡᠭᠰᠡᠨ ᠴᠠᠭ᠄
2024/11/19
    11 ᠳ᠋ᠦ᠋ᠭᠡᠷ ᠰᠠᠷ᠎ᠠ ᠶᠢᠨ 12᠎ ᠤᠨ ᠡᠳᠦᠷ᠂ 332 ᠤᠯᠤᠰ ᠤᠨ ᠵᠠᠮ ᠤᠨ ᠬᠠᠳᠠᠲᠤ ᠠᠴᠠ ᠬᠠᠶᠢᠯᠠᠷ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠢ ᠬᠤᠪᠢᠷᠠᠭᠤᠯᠬᠤ ᠪᠠᠷᠢᠯᠭ᠎ᠠ ᠶᠢᠨ ᠬᠠᠶᠢᠯᠠᠷ ᠤᠨ ᠪᠠᠷᠠᠭᠤᠨ ᠵᠠᠮ ᠤᠨ ᠠᠭᠤᠯᠵᠠᠷ ᠤᠨ ᠬᠤᠯᠪᠣᠬᠤ ᠱᠤᠭᠤᠮ ︵ᠳᠣᠷᠣᠭᠰᠢ ︽ᠬᠠᠶᠢᠯᠠᠷ ᠤᠨ ᠪᠠᠷᠠᠭᠤᠨ ᠵᠠᠮ ᠤᠨ ᠠᠭᠤᠯᠵᠠᠷ ᠤᠨ ᠬᠤᠯᠪᠣᠬᠤ ᠱᠤᠭᠤᠮ︾ ᠭᠡᠵᠦ ᠲᠣᠪᠴᠢᠯᠠᠨ᠎ᠠ︶᠎ ᠢ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠥᠩᠭᠡᠷᠡᠭᠡᠵᠦ᠂ ᠵᠢᠩᠬᠢᠨᠢ ᠪᠠᠷ ᠲᠡᠷᠭᠡ ᠨᠡᠪᠲᠡᠷᠡᠭᠰᠡᠨ ᠲᠤᠷᠰᠢᠯᠲᠠ ᠶᠢᠨ ᠱᠠᠲᠤᠨ ᠳᠤ ᠣᠷᠣᠪᠠ᠃
202411191731.jpg
    ᠲᠣᠰ ᠬᠤᠯᠪᠣᠬᠤ ᠱᠤᠭᠤᠮ ᠪᠣᠯ  ᠬᠠᠶᠢᠯᠠᠷ ᠲᠣᠭᠤᠷᠢᠭ ᠤᠨ ᠬᠠᠭᠤᠴᠢᠨ ᠪᠠᠷᠭᠤ ᠬᠤᠰᠢᠭᠤ ᠪᠣᠯᠤᠨ ᠰᠢᠨ᠎ᠡ ᠪᠠᠷᠭᠤ ᠵᠡᠭᠦᠨ ᠬᠤᠰᠢᠭᠤ ᠶᠢ ᠬᠤᠯᠪᠣᠬᠤ ᠴᠢᠬᠤᠯᠠ ᠲᠡᠭᠡᠭᠡᠪᠦᠷᠢ ᠶᠢᠨ ᠵᠠᠮ ᠪᠣᠯᠤᠨ᠎ᠠ᠃ ᠲᠥᠷᠥᠯ ᠵᠦᠢᠯ ᠨᠢ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠬᠢᠯᠢ ᠳᠤ ᠪᠠᠶᠢᠷᠢᠯᠠᠵᠤ᠂ ᠵᠠᠮ ᠤᠨ ᠪᠥᠬᠦ ᠣᠷᠳᠣ ᠨᠢ 646 ᠮᠧᠲᠷ ᠪᠠᠶᠢᠵᠤ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ 2024 ᠣᠨ ᠤ 5 ᠳ᠋ᠤᠭᠠᠷ ᠰᠠᠷ᠎ᠠ ᠳᠤ ᠡᠬᠢᠯᠡᠨ ᠪᠥᠲᠥᠭᠡᠨ ᠪᠠᠶᠢᠭᠤᠯᠵᠤ᠂ 2024 ᠣᠨ ᠤ 9 ᠳ᠋ᠦ᠋ᠭᠡᠷ ᠰᠠᠷ᠎ᠠ ᠳᠤ ᠠᠵᠢᠯ ᠢᠶᠠᠨ ᠳᠠᠭᠤᠰᠬᠠᠪᠠ᠃    ᠲᠥᠷᠥᠯ ᠵᠦᠢᠯ ᠤᠨ ᠠᠵᠢᠯ ᠡᠬᠢᠯᠡᠭᠰᠡᠨ ᠠᠴᠠ ᠨᠠᠭᠠᠰᠢ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠪᠠ᠃ ᠡᠭᠦᠨ ᠤ ᠬᠠᠮᠲᠤ᠂ ᠮᠥᠷᠳᠡᠨ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠤᠨ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号