11 ᠳ᠋ᠦ᠋ᠭᠡᠷ ᠰᠠᠷ᠎ᠠ ᠶᠢᠨ 17 ᠤ ᠦᠳᠡ ᠶᠢᠨ ᠬᠤᠶᠢᠨ᠎ᠠ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ | ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠪᠠᠷᠢᠯᠭ᠎ᠠ ᠶᠢᠨ ᠮᠥᠩᠭᠦᠨᠲᠠᠯ᠎ᠠ ᠠᠴᠠ ᠪᠢᠷᠠᠭᠤ ᠬᠦᠷᠬᠦ ᠬᠡᠰᠡᠭ ᠤᠨ ᠬᠤᠤᠰ | ᠱᠤᠭᠤᠮ ᠤᠨ ᠠᠦ᠋ᠲ᠋ᠣ᠋ ᠲᠥᠭᠵᠢᠯᠲᠡ ᠶᠢ ᠤᠷᠤᠭᠰᠢᠲᠠᠶ ᠨᠡᠪᠲᠡᠷᠡᠭᠦᠯᠪᠡ᠂ ᠡᠨᠡ ᠨᠢ ᠵᠢᠨᠢᠩ ᠠᠴᠠ ᠲᠦᠩᠯᠢᠶᠣᠤ ᠬᠦᠷᠬᠦ | ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢᠨ ᠪᠠᠷᠢᠯᠭ᠎ᠠ ᠶᠢ ᠪᠡᠶᠡᠯᠡᠭᠦᠯᠵᠦ᠂ ᠪᠥᠬᠦ ᠱᠤᠭᠤᠮ ᠤᠨ | ᠰᠡᠷᠭᠦᠭᠡᠭᠰᠡᠨ ᠨᠣᠷᠮ᠎ᠠ ᠨᠢ 100% ᠳᠤ ᠬᠦᠷᠦᠭᠰᠡᠨ ᠢ ᠬᠠᠷᠠᠭᠤᠯᠵᠤ ᠪᠠᠶᠢᠨ᠎ᠠ᠃ | ᠮᠦᠩᠭᠦᠨᠲᠠᠯᠠ ᠠᠴᠠ ᠪᠢᠷᠠᠭᠤ ᠬᠦᠷᠬᠦ ᠬᠡᠰᠡᠭ ᠨᠢ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠬᠢᠯᠢ | ᠳᠤ ᠪᠠᠶᠢᠷᠢᠯᠠᠵᠤ᠂ ᠪᠠᠷᠤᠭ 29 ᠺᠢᠯᠣᠮᠧᠲᠷ ᠤᠷᠲᠤ ᠳᠠᠩ ᠱᠤᠭᠤᠮ ᠲᠠᠢ᠃ ᠥᠭᠡᠷᠡᠴᠢᠯᠡᠨ ᠪᠠᠶᠢᠭᠤᠯᠬᠤ ᠵᠠᠮ | ᠱᠤᠭᠤᠮ ᠢ ᠮᠦᠩᠭᠦᠨᠲᠠᠯᠠ ᠥᠷᠲᠡᠭᠡᠨ ᠤ ᠭᠠᠳᠠᠨ᠎ᠠ ᠠᠴᠠ ᠬᠤᠣᠰ ᠱᠤᠭᠤᠮ ᠢᠶᠠᠷ ᠲᠣᠭᠤᠷᠢᠨ ᠶᠠᠪᠤᠵᠤ᠂ ᠡᠯᠡᠰᠦᠷᠬᠡᠭ | ᠭᠠᠵᠠᠷ ᠤᠨ ᠶᠡᠭᠡ ᠬᠥᠭᠦᠷᠭᠡ᠂ ᠳ᠋ᠠᠨᠳᠦ᠋ᠩ ᠠᠴᠠ ᠰᠢᠯᠢᠩᠬᠤᠲᠠ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ | ᠣᠨᠴᠠ ᠶᠡᠭᠡ ᠬᠥᠭᠦᠷᠭᠡ᠂ ᠪᠢᠷᠠᠭᠤ ᠶᠢᠨ ᠪᠠᠷᠠᠭᠤᠨ ᠦᠷᠲᠡᠭᠡ᠂ ᠶᠠᠨ ᠵᠢᠶᠠ ᠶᠢᠩᠽᠢ ᠶᠡᠭᠡ ᠬᠥᠭᠦᠷᠭᠡ᠂ ᠲᠤᠯᠤᠨ | ᠨᠠᠭᠤᠷ ᠤᠨ ᠣᠨᠴᠠ ᠶᠡᠭᠡ ᠬᠥᠭᠦᠷᠭᠡ᠂ ᠪᠢᠷᠠᠭᠤ ᠶᠢᠨ ᠨᠦᠬᠡᠨ ᠵᠠᠮ ᠢᠶᠠᠷ ᠦᠩᠭᠡᠷᠡᠭᠡᠳ᠂ ᠪᠢᠷᠠᠭᠤ ᠦᠷᠲᠡᠭᠡ ᠳᠤ | ᠵᠠᠯᠠᠨ ᠣᠷᠣᠭᠤᠯᠵᠤ᠂ ᠵᠠᠮ ᠱᠤᠭᠤᠮ ᠤᠨ ᠤᠷᠲᠤ ᠨᠢ ᠪᠠᠷᠤᠭ 28 ᠺᠢᠯᠣᠮᠧᠲᠷ ᠪᠠᠶᠢᠳᠠᠭ᠃ | | | | | | ᠲᠣᠰ ᠤᠳᠠᠭ᠎ᠠ ᠨᠡᠪᠲᠡᠷᠡᠭᠰᠡᠨ ᠬᠡᠰᠡᠭ ᠨᠢ ᠡᠭᠦᠨ ᠠᠴᠠ ᠡᠮᠦᠨ᠎ᠡ ᠨᠡᠪᠲᠡᠷᠡᠭᠰᠡᠨ ᠪᠢᠷᠠᠭᠤ ᠠᠴᠠ ᠢᠦᠢ ᠵᠧᠦ ᠳ᠋ᠢ᠂ | ᠢᠦᠢ ᠵᠧᠦ ᠳ᠋ᠢ ᠠᠴᠠ ᠳ᠋ᠠᠪᠠᠨ ᠬᠦᠷᠲᠡᠯᠡᠬᠢ ᠬᠡᠰᠡᠭ ᠲᠠᠢ ᠨᠡᠪᠲᠡᠷᠡᠭᠦᠯᠵᠦ᠂ ᠮᠦᠩᠭᠦᠨᠲᠠᠯᠠ ᠠᠴᠠ ᠳ᠋ᠠᠪᠠᠨ ᠬᠦᠷᠲᠡᠯᠡᠬᠢ | ᠬᠡᠰᠡᠭ ᠤᠨ 149 ᠺᠢᠯᠣᠮᠧᠲᠷ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ | ᠢᠩᠭᠢᠭᠡᠳ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠨᠢ ᠪᠦᠬᠦ ᠱᠤᠭᠤᠮ ᠢᠶᠠᠷ ᠬᠤᠣᠰ ᠱᠤᠭᠤᠮ ᠤᠨ | ᠠᠦ᠋ᠲ᠋ᠣ᠋ ᠲᠥᠭᠵᠢᠯᠲᠡ ᠶᠢ ᠠᠮᠵᠢᠯᠲᠠ ᠲᠠᠢ ᠪᠡᠶᠡᠯᠡᠭᠦᠯᠵᠦ᠂ ᠳᠠᠩ ᠱᠤᠭᠤᠮᠲᠤ ᠲᠡᠮᠦᠷ ᠵᠠᠮ ᠢ ᠥᠭᠡᠷᠡᠴᠢᠯᠡᠭᠡᠳ | ᠬᠤᠣᠰ ᠱᠤᠭᠤᠮᠲᠤ ᠲᠡᠮᠦᠷ ᠵᠠᠮ ᠪᠣᠯᠭᠠᠪᠠ᠃ | ᠣᠳᠣᠬᠠᠨ ᠳᠤ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ | ᠶᠢᠨ ᠪᠠᠷᠢᠯᠭ᠎ᠠ ᠨᠢ ᠨᠢᠭᠡᠨᠲᠡ ᠨᠡᠪᠲᠡᠷᠡᠭᠦᠯᠬᠦ ᠡᠴᠦᠰ ᠤᠨ ᠰᠢᠪᠲᠤᠯᠤᠯᠲᠠ ᠳᠤ ᠣᠷᠣᠵᠤ᠂ ᠡᠯ᠎ᠡ ᠨᠢᠭᠡᠴᠢ ᠣᠲᠣ ᠶᠠᠭ | ᠦᠯᠡᠳᠡᠵᠦ ᠪᠠᠶᠢᠭ᠎ᠠ ᠮᠦᠩᠭᠦᠨᠲᠠᠯᠠ ᠠᠴᠠ ᠳ᠋ᠠᠪᠠᠨ ᠬᠥᠷᠬᠦ ᠬᠡᠰᠡᠭ ᠤᠨ ᠴᠠᠬᠢᠯᠭᠠᠨᠵᠢᠭᠤᠯᠤᠯᠲᠠ ᠶᠢᠨ ᠰᠢᠯᠭᠠᠨ | ᠪᠠᠶᠢᠴᠠᠭᠠᠵᠤ ᠲᠤᠰᠢᠶᠠᠬᠤ ᠠᠵᠢᠯ ᠢ ᠵᠣᠭᠰᠣᠯ ᠥᠬᠡᠶ ᠥᠷᠨᠢᠭᠦᠯᠵᠦ ᠪᠠᠶᠢᠨ᠎ᠠ᠃ |