︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠦᠨ᠎ᠡ — ᠲᠥᠪ ᠤᠨ ᠡᠳ᠋ ᠤᠨ ᠵᠠᠰᠠᠭ ᠠᠴᠠ 17.8 ᠳ᠋ᠦᠩᠰᠢᠭᠤᠷ ᠲᠥᠭᠦᠷᠢᠭ ᠢᠶᠠᠷ ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾᠎ ᠤᠨ ᠪᠥᠲᠥᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2024/11/21
    ᠣᠶᠢᠷ᠎ᠠ ᠳᠤ ᠤᠯᠤᠰ ᠠᠴᠠ ᠮᠠᠨ ᠤ ᠣᠷᠣᠨ ᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 17.8 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ ᠮᠠᠨ ᠤ ᠣᠷᠣᠨ ᠤ 2024 — 2025 ᠣᠨ ᠳᠤ ︽ᠵᠠᠮ ᠢᠶᠠᠷ ᠡᠯᠡᠰᠦ ᠶᠢ ᠵᠠᠰᠠᠬᠤ︾᠎ ᠶᠢ ᠠᠬᠢᠭᠤᠯᠬᠤ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ︕     ᠤᠯᠤᠰ ᠤᠨ ᠪᠡᠯᠡ ᠮᠥᠩᠭᠦ ᠪᠠᠷ ᠡᠯᠡᠰᠦ ᠶᠢ ᠵᠠᠰᠠᠬᠤ ᠲᠥᠯᠥᠪᠯᠡᠭᠡ ᠶᠢ ᠳᠡᠮᠵᠢᠨ᠎ᠡ     ᠣᠶᠢᠷ᠎ᠠ ᠳᠤ᠂ ᠤᠯᠤᠰ ᠠᠴᠠ ᠨᠢᠭᠡᠨᠲᠡ ᠮᠠᠨ ᠤ ᠣᠷᠣᠨ ᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 17.8 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ᠃ ᠡᠨᠡ ᠬᠦ ᠪᠠᠯᠠ ᠮᠥᠩᠭᠦ ᠨᠢ ᠮᠥᠨ ᠴᠦ ᠲᠥᠪ ᠠᠴᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ             ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾᠎ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠳᠡᠮᠵᠢᠵᠦ ᠪᠠᠶᠢᠭ᠎ᠠ ᠪᠠᠯᠠ ᠮᠥᠩᠭᠦ ᠪᠣᠯᠤᠨ᠎ᠠ᠃     ︽ᠵᠠᠮ ᠢᠶᠠᠷ ᠡᠯᠡᠰᠦ ᠶᠢ ᠵᠠᠰᠠᠬᠤ︾ ᠰᠢᠨ᠎ᠡ ᠶᠢ ᠡᠭᠦᠳᠬᠦ ᠦᠢᠯᠡᠳᠦᠯᠭᠡ     ᠣᠯᠠᠨ ᠵᠢᠯ ᠤᠨ ᠲᠤᠷᠰᠢ᠂ ᠮᠠᠨ ᠤ ᠣᠷᠣᠨ ᠵᠠᠰᠠᠮᠠᠯ ᠵᠠᠮ ᠢ ᠪᠥᠲᠥᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠦᠶᠯᠡᠳᠦᠯᠭᠡ ᠳᠤᠮᠳᠠ ︽ᠵᠠᠮ ᠢᠶᠠᠷ ᠣᠷᠣᠨ ᠬᠤᠪᠢᠶᠠᠬᠤ᠂ ᠬᠡᠰᠡᠭ ᠬᠤᠪᠢᠶᠠᠨ ᠵᠠᠰᠠᠬᠤ᠂ ᠳᠦᠷᠪᠡᠨ ᠲᠠᠯ᠎ᠠ ᠶᠢ ᠲᠣᠭᠲᠠᠪᠤᠷᠢᠵᠢᠭᠤᠯᠬᠤ᠂ ᠥᠷᠥᠴᠡ ᠣᠷᠤᠨ ᠳᠤ ᠨᠡᠪᠴᠢᠭᠦᠯᠬᠦ︾ ᠪᠦᠬᠦᠢ ︽ᠵᠠᠮ ᠢᠶᠠᠷ ᠡᠯᠡᠰᠦ ᠶᠢ ᠵᠠᠰᠠᠬᠤ︾ ᠵᠠᠭᠪᠤᠷ ᠢ ᠬᠠᠶᠢᠨ ᠰᠥᠪᠡᠭᠴᠢᠯᠡᠵᠦ᠂ ᠣᠷᠣᠨ ᠤ ᠳᠣᠲᠣᠷᠠᠬᠢ ᠬᠠᠮᠢᠶ᠎ᠠ ᠪᠥᠬᠦᠶ ᠠᠶᠢᠮᠠᠭ ᠬᠤᠲᠠ ᠳᠤ ᠨᠢᠭᠡᠨᠲᠡ ᠥᠷᠭᠡᠨ ᠢᠶᠠᠷ ᠳᠡᠯᠭᠡᠷᠡᠭᠦᠯᠦᠨ ᠬᠡᠷᠡᠭᠯᠡᠭᠰᠡᠨ ᠪᠥᠭᠡᠳ ᠬᠠᠮᠢᠶ᠎ᠠ ᠪᠥᠬᠦᠶ ᠮᠤᠵᠢ ᠣᠷᠣᠨ ᠳᠤ ᠴᠢᠬᠤᠯᠠ ᠲᠤᠷᠰᠢᠯᠭ᠎ᠠ ᠬᠠᠩᠭᠠᠨ ᠲᠣᠯᠢ ᠪᠣᠯᠭᠠᠵᠤ᠂ ᠡᠯᠡᠰᠦᠨ ᠴᠦᠯ ᠢ ᠰᠡᠷᠭᠡᠶᠢᠯᠡᠨ ᠡᠵᠡᠮᠳᠡᠵᠦ ᠵᠠᠰᠠᠬᠤ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ ᠣᠳᠣᠬᠠᠨ ᠳᠤ᠂ ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾᠎ ᠨᠢ ᠶᠠᠭ ᠥᠪᠡᠷᠮᠢᠴᠡ ᠣᠨᠴᠠᠯᠢᠭ ᠲᠠᠢ ︽ᠵᠠᠮ ᠢᠶᠠᠷ ᠡᠯᠡᠰᠦ ᠶᠢ ᠵᠠᠰᠠᠬᠤ︾ ᠵᠠᠭᠪᠤᠷ ᠎ ᠢᠶᠠᠷ ᠡᠯᠡᠰᠦᠷᠬᠡᠭ ᠣᠷᠣᠨ ᠤ ᠤᠯᠠᠨ ᠲᠦᠮᠡᠨ ᠤ ᠭᠠᠳᠠᠨᠠᠬᠢ ᠲᠠᠢ ᠬᠠᠷᠢᠯᠴᠠᠬᠤ ᠵᠠᠮ ᠢ ᠨᠡᠪᠲᠡᠷᠡᠭᠦᠯᠵᠦ᠂ ᠡᠯᠡᠰᠦᠷᠬᠡᠭ ᠣᠷᠣᠨ ᠤ ᠠᠮᠢ ᠠᠬᠤᠢ ᠶᠢ ᠰᠠᠶᠢᠵᠢᠷᠠᠭᠤᠯᠬᠤ ᠪᠠ ᠠᠵᠤ ᠠᠬᠤᠢ ᠶᠢ ᠬᠥᠭᠵᠢᠭᠦᠯᠬᠦ ᠠᠮᠢᠨ ᠰᠤᠳᠠᠰᠤ ᠪᠣᠯᠵᠤ ᠪᠠᠶᠢᠨ᠎ᠠ᠃     ᠰᠠᠨᠠᠭᠠᠴᠢᠯᠠᠭ᠎ᠠ ᠠᠴᠠ ᠪᠠᠨ ᠲᠥᠯᠥᠪᠯᠡᠵᠦ᠂ ᠢᠳᠡᠪᠬᠢᠲᠡᠢ ᠵᠣᠯᠭᠠᠭᠤᠯᠤᠨ᠎ᠠ    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠠᠶᠢᠴᠠᠭᠠᠨ ᠰᠤᠳᠤᠯᠤᠯᠲᠠ ᠬᠢᠵᠦ᠂ ︽ᠵᠠᠮ ᠢᠶᠠᠷ ᠣᠷᠣᠨ ᠬᠤᠪᠢᠶᠠᠬᠤ᠂ ᠬᠡᠰᠡᠭᠯᠡᠨ ᠰᠠᠯᠭᠠᠵᠤ ᠵᠠᠰᠠᠬᠤ︾ ᠵᠠᠰᠠᠮᠠᠯ ᠵᠠᠮ ᠢᠶᠠᠷ ᠡᠯᠡᠰᠦ ᠶᠢ ᠵᠠᠰᠠᠭᠰᠠᠨ ᠲᠤᠷᠰᠢᠯᠭ᠎ᠠ᠂ ᠡᠯᠡᠰᠦᠷᠬᠡᠭ ᠭᠠᠵᠠᠷ ᠤᠨ ᠵᠠᠰᠠᠮᠠᠯ ᠵᠠᠮ ᠢ ᠪᠦᠲᠦᠭᠡᠨ ᠪᠠᠶᠢᠭᠤᠯᠤᠭᠰᠠᠨ ᠰᠢᠨᠵᠢᠯᠡᠬᠦ ᠤᠬᠠᠭᠠᠨ ᠤ  ᠰᠤᠳᠤᠯᠭᠠᠨ ᠤ ᠦᠷ᠎ᠡ ᠪᠦᠲᠦᠭᠡᠯ᠂ ᠵᠠᠰᠠᠮᠠᠯ ᠵᠠᠮ ᠤᠨ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠬᠢᠳᠡᠯ ᠢ ᠨᠠᠷᠢᠨ ᠲᠠᠨᠢᠯᠴᠠᠭᠤᠯᠵᠠᠢ︔ ᠮᠠᠨ ᠤ ᠣᠷᠣᠨ ᠤ ᠡᠯᠡᠰᠦᠷᠬᠡᠭ ᠭᠠᠵᠠᠷ ᠤᠨ ᠵᠠᠰᠠᠮᠠᠯ ᠵᠠᠮ ᠤᠨ ᠲᠣᠤᠷ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠳᠤᠲᠠᠭᠤᠳᠠᠯ ᠢ ᠬᠠᠷᠢᠭᠤ ᠮᠡᠳᠡᠭᠦᠯᠵᠦ᠂ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠬᠡᠷᠡᠭᠵᠢᠭᠦᠯᠦᠭᠳᠡᠬᠦ ᠶᠢ ᠪᠠᠲᠤᠯᠠᠬᠤ ᠲᠠᠢ ᠤᠶᠠᠯᠳᠤᠭᠤᠯᠤᠨ᠂ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠳᠤᠷᠠᠳᠪᠠ᠃ ᠲᠡᠷᠡᠴᠢᠯᠡᠨ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠤᠯᠤᠯᠴᠠᠨ ᠵᠣᠯᠭᠠᠭᠤᠯᠵᠤ ᠬᠠᠷᠢᠭᠤ ᠮᠡᠳᠡᠭᠦᠯᠦᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠣᠯᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠣᠷᠣᠨ ᠤ ︿ᠵᠠᠮ ᠎ ᠢᠶᠠᠷ ᠡᠯᠡᠰᠦ ᠶᠢ ᠵᠠᠰᠠᠬᠤ﹀ ᠬᠥᠭᠵᠢᠯᠲᠡ ᠶᠢᠨ ᠲᠥᠯᠥᠪᠵᠢᠭᠦᠯᠭᠡ ︵2024 — 2030 ᠣᠨ︶︾᠎ ᠶᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠠᠵᠢᠯ ᠲᠦᠷᠦᠯ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠵᠦ᠂ 2030 ᠣᠨ ᠪᠣᠯᠬᠤ ᠳᠤ ᠨᠡᠶᠢᠲᠡ ᠮᠠᠨ ᠤ ᠣᠷᠣᠨ ᠤ 6363 ᠺᠢᠯᠣᠮᠧᠲᠷ ᠤᠨ ᠡᠯᠡᠰᠦ ᠶᠢ ᠲᠤᠭᠤᠯᠬᠤ ᠵᠠᠰᠠᠮᠠᠯ ᠵᠠᠮ ᠤᠨ ᠲᠦᠷᠦᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ 7 ᠵᠢᠯ ᠎ ᠳᠤ 66.8 ᠳ᠋ᠦᠩᠰᠢᠭᠤᠷ ᠲᠥᠭᠦᠷᠢᠭ ᠤᠨ ᠲᠥᠪ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠥᠩᠭᠦ ᠲᠤᠬᠢᠷᠠᠭᠤᠯᠵᠤ ᠲᠤᠰᠬᠠᠶᠢᠯᠠᠨ ᠡᠯᠡᠰᠦ ᠶᠢ ᠲᠤᠭᠤᠯᠬᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠨᠥᠬᠦᠪᠥᠷᠢ ᠥᠭᠬᠦ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号