ᠥᠪᠥᠷ ᠮᠣᠩᠭᠤᠯ ᠤᠨ ᠬᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ  ᠢᠶᠠᠨ ᠪᠠᠬᠢᠵᠢᠭᠦᠯᠦᠨ ᠥᠷᠭᠡᠳᠬᠡᠪᠡ
ᠨᠡᠶᠢᠲᠡᠯᠡᠭᠰᠡᠨ ᠴᠠᠭ᠄
2024/11/21
    11 ᠳ᠋ᠦ᠋ᠭᠡᠷ ᠰᠠᠷ᠎ᠠ ᠶᠢᠨ 15 ᠤ ᠡᠳᠦᠷ᠂ ︽ᠠᠷᠠᠳ ᠤᠨ ᠡᠳᠦᠷ ᠤᠨ ᠰᠣᠨᠢᠨ︾ ᠤ ᠲᠡᠷᠢᠭᠦᠨ ᠨᠢᠭᠤᠷ ᠤᠨ ᠲᠡᠷᠢᠭᠦᠨ ᠵᠤᠷᠪᠤᠰ ᠲᠤ ︽︿ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ﹀ ᠠᠴᠠ                ︿ᠨᠣᠭᠤᠭᠠᠷᠠᠭᠤᠯᠬᠤ ᠶᠢᠨ ᠬᠠᠮᠲᠤ ᠪᠠᠶᠠᠵᠢᠨ ᠴᠢᠨᠡᠭᠡᠯᠢᠭᠵᠢᠭᠦᠯᠬᠦ﹀ ᠶᠢ ᠴᠢᠷᠮᠠᠶᠢᠨ ᠪᠡᠶᠡᠯᠡᠭᠦᠯᠵᠦ  ᠥᠪᠥᠷ ᠮᠣᠩᠭᠤᠯ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠪᠡ︾ ᠭᠡᠬᠦ ᠵᠣᠬᠢᠶᠠᠯ ᠢ ᠨᠡᠶᠢᠲᠡᠯᠡᠪᠡ᠃     ᠪᠦᠬᠦ ᠠᠭᠤᠯᠭ᠎ᠠ ᠨᠢ ᠳᠣᠣᠷᠠᠬᠢ ᠮᠡᠲᠦ᠄
20241121.jpg
    ᠤᠯᠤᠰ ᠠᠴᠠ ᠡᠵᠡᠩᠨᠡᠭᠰᠡᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠠᠯᠬᠤᠨ ᠣᠷᠣᠵᠤ᠂ ᠤᠢ ᠶᠢᠨ ᠰᠡᠭᠦᠳᠡᠷ ᠲᠠᠢ ᠵᠥᠷᠢᠭ ᠵᠠᠮ ᠢᠶᠠᠷ ᠦᠩᠭᠡᠷᠡᠪᠡᠯ᠂ ᠥᠩᠭᠡᠷᠡᠭᠰᠡᠨ ᠤ ᠡᠯᠡᠰᠦᠨ ᠳᠣᠪᠣᠴᠠᠭ ᠳᠡᠭᠡᠷ᠎ᠡ᠂ ᠤᠯᠢᠶᠠᠰᠤ᠂ ᠵᠠᠭ ᠮᠣᠳᠣ ᠦᠨᠳᠦᠰᠦ ᠬᠠᠳᠬᠤᠵᠤ ᠤᠷᠭᠤᠭᠰᠠᠨ ᠪᠠᠶᠢᠯ᠎ᠠ᠃     ᠣᠶ ᠰᠢᠭᠤᠶ ᠶᠢᠨ ᠲᠠᠯᠠᠪᠠᠶ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ  ᠶᠢᠨ ᠯᠢᠨ ᠾᠧ ᠲᠣᠭᠤᠷᠢᠭ᠂ ᠬᠠᠲᠤᠨ ᠭᠤᠤᠯ ᠤᠨ ︽ᠲᠣᠬᠤᠶ ᠬᠡᠰᠡᠭ︾ ᠤᠨ ᠬᠤᠶᠢᠲᠤ ᠬᠡᠰᠡᠭ ᠲᠤ ᠪᠠᠶᠢᠷᠢᠯᠠᠵᠤ ᠪᠣᠶ᠃ ᠬᠡᠳᠦᠨ ᠦᠶ᠎ᠡ ᠶᠢᠨ ᠬᠥᠮᠦᠰ ᠦᠷᠭᠦᠯᠵᠢᠯᠡᠨ ᠲᠡᠮᠡᠴᠡᠬᠦ ᠪᠠᠷ ᠳᠠᠮᠵᠢᠨ᠂ ᠣᠢ ᠰᠢᠭᠤᠶ ᠶᠢᠨ ᠲᠠᠯᠠᠪᠠᠢ ᠡᠯᠡᠰᠦᠨ ᠬᠤᠩᠬᠤᠷ ᠪᠠ ᠠᠲᠠᠷ ᠳᠠᠩ ᠠᠴᠠ ᠣᠢ ᠰᠢᠭᠤᠶ ᠶᠢᠨ ᠪᠦᠷᠬᠦᠴᠡ ᠶᠢᠨ ᠨᠣᠷᠮ᠎ᠠ 65% ᠳᠤ ᠬᠦᠷᠴᠦ᠂ ᠡᠯᠡᠰᠦᠷᠬᠡᠭᠵᠢᠭᠰᠡᠨ ᠲᠠᠯᠠᠪᠠᠢ ᠨᠢ ᠪᠠᠶᠢᠭᠤᠯᠤᠭᠳᠠᠬᠤ ᠡᠬᠢᠨ ᠤ ᠦᠶ᠎ᠡ ᠶᠢᠨ 2.15 ᠲᠦᠮᠡᠨ ᠮᠦ ᠠᠴᠠ ᠪᠠᠨ ᠪᠠᠭᠤᠷᠠᠭᠠᠳ 0.5 ᠲᠦᠮᠡᠨ ᠮᠦ ᠪᠣᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠨᠣᠭᠤᠭᠠᠨ ᠬᠠᠯᠬᠠᠪᠴᠢ ᠶᠢ ᠴᠣᠭᠴᠠᠯᠠᠪᠠ᠃      2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ᠂ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ︾ ᠰᠠᠶᠢᠨ ᠪᠠᠶᠢᠳᠠᠯ ᠢ ᠴᠢᠨᠠᠭᠰᠢᠳᠠ ᠪᠠᠬᠢᠵᠢᠭᠦᠯᠦᠨ ᠬᠥᠭᠵᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠭᠠᠵᠠᠷ ᠣᠷᠣᠨ ᠳᠤ ᠬᠡᠪᠴᠢᠶᠡᠵᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ᠂  ᠡᠯᠡᠰᠦ ᠶᠢ ᠵᠠᠰᠠᠬᠤ ᠵᠠᠭᠪᠤᠷ ᠢ ᠲᠠᠰᠤᠷᠠᠯᠲᠠ ᠥᠬᠡᠶ ᠰᠢᠨᠡᠴᠢᠯᠡᠨ ᠲᠡᠭᠦᠯᠳᠡᠷᠵᠢᠭᠦᠯᠵᠦ᠂ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ  ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯᠡᠰᠦ ᠶᠢ ᠵᠠᠰᠠᠬᠤ ᠵᠠᠭᠪᠤᠷ ᠤᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠪᠥᠬᠦ ᠲᠠᠯ᠎ᠠ ᠪᠠᠷ᠂ ᠪᠦᠬᠦ ᠣᠷᠣᠨ ᠪᠦᠰᠠ᠂ ᠪᠥᠬᠦ ᠶᠠᠪᠤᠴᠠ ᠳᠤ ᠬᠡᠷᠡᠭᠵᠢᠭᠦᠯᠵᠦ᠂ ᠡᠯᠡᠰᠦᠷᠬᠡᠭᠵᠢᠯ  ᠢ ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠣᠭᠤᠭᠠᠷᠠᠭᠤᠯᠬᠤ ᠶᠢᠨ ᠬᠠᠮᠲᠤ ᠪᠠᠶᠠᠵᠢᠨ ᠴᠢᠨᠡᠭᠡᠯᠢᠭᠵᠢᠭᠦᠯᠬᠦ︾ ᠶᠢ ᠴᠢᠷᠮᠠᠶᠢᠨ ᠪᠡᠶᠡᠯᠡᠭᠦᠯᠦᠨ᠎ᠡ᠃     ᠡᠨᠡ ᠵᠢᠯ ᠠᠴᠠ ᠨᠠᠭᠠᠰᠢ᠂ ᠥᠪᠥᠷ ᠮᠣᠩᠭᠤᠯ ᠨᠢᠭᠡᠨᠲᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠠᠯᠠᠪᠠᠶ ᠶᠢ 1954 ᠲᠦᠮᠡᠨ ᠮᠥ ᠪᠡᠶᠡᠯᠡᠭᠦᠯᠵᠦ᠂ ᠪᠠᠷᠤᠭ ᠵᠢᠯ ᠤᠨ ᠡᠬᠢᠨ ᠤ ᠲᠥᠯᠥᠪᠯᠡᠭᠡ ᠶᠢᠨ 113% ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠸᠠᠩ ᠵᠣᠣ ᠱᠧᠩ ᠲᠠᠨᠢᠯᠴᠠᠭᠤᠯᠬᠤ ᠳᠤ ᠪᠠᠨ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠨᠡᠶᠢᠲᠡ 1.43 ᠳ᠋ᠦᠩᠰᠢᠭᠤᠷ ᠮᠥ ᠮᠣᠳᠣ ᠳᠠᠷᠢᠵᠤ ᠣᠶᠢᠵᠢᠭᠤᠯᠤᠨ᠂ 3.52 ᠳ᠋ᠦᠩᠰᠢᠭᠤᠷ ᠮᠥ ᠡᠪᠡᠰᠦ ᠳᠠᠷᠢᠵᠤ᠂ 1.67 ᠳ᠋ᠦᠩᠰᠢᠭᠤᠷ ᠮᠥ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠭᠤᠤᠯᠳᠠᠯᠭ᠎ᠠ ᠲᠠᠢ ᠵᠠᠰᠠᠬᠤ ᠣᠷᠣᠨ ᠳᠤ ︽ᠡᠯᠡᠰᠦ ᠤᠷᠤᠭᠰᠢᠯᠠᠵᠤ ᠬᠥᠮᠦᠨ ᠤᠬᠤᠷᠢᠬᠤ︾ ᠠᠴᠠ                ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ︾ ᠲᠡᠦᠬᠡᠲᠦ ᠴᠢᠨᠠᠷᠲᠠᠶ ᠬᠤᠪᠢᠷᠠᠯᠲᠠ ᠶᠢ ᠪᠡᠶᠡᠯᠡᠭᠦᠯᠪᠡ ᠭᠡᠵᠡᠢ᠃     ᠬᠠᠲᠤᠨ ᠭᠤᠣᠯ ᠤᠨ ︽ᠲᠣᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ  ᠶᠢᠨ ᠲᠣᠭᠤᠷᠢᠨ ᠳᠤ ᠭᠠᠵᠠᠷ ᠣᠷᠣᠨ ᠳᠤ ᠪᠠᠨ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠷᠦᠯ ᠬᠤᠪᠢᠶᠠᠨ ᠵᠠᠰᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃     ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ︽ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ + ᠬᠥᠮᠦᠨ ᠤ ᠬᠦᠴᠦ ᠪᠠᠷ ᠣᠶᠢᠵᠢᠭᠤᠯᠤᠨ ᠤᠰᠤᠯᠠᠬᠤ + ᠬᠥᠮᠦᠨ ᠤ ᠬᠦᠴᠦ ᠪᠠᠷ ᠡᠪᠡᠰᠦ ᠳᠠᠷᠢᠬᠤ︾ ᠵᠡᠷᠭᠡ ᠰᠡᠷᠭᠦᠭᠡᠬᠦ ᠠᠷᠭ᠎ᠠ ᠮᠠᠶ᠋ᠢᠭ ᠢ ᠬᠡᠷᠡᠭᠯᠡᠨ᠎ᠡ᠃ ︽ᠪᠢᠳᠠ ᠠᠳᠠᠯᠢ ᠪᠤᠰᠤ ᠭᠠᠵᠠᠷ ᠤᠨ ᠲᠦᠷᠦᠯ ᠢ ᠦᠨᠳᠦᠰᠦᠯᠡᠵᠦ᠂ ᠰᠢᠨ᠎ᠡ ᠮᠡᠷᠭᠡᠵᠢᠯ ᠢ ᠣᠷᠣᠭᠤᠯᠵᠤ ᠠᠪᠴᠢᠷᠠᠨ᠂ ᠰᠢᠨ᠎ᠡ ᠴᠢᠬᠢ ᠮᠣᠳᠣ ᠶᠢ ᠪᠣᠶᠢᠵᠢᠭᠤᠯᠵᠤ᠂ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠤᠢ ᠰᠢᠭᠤᠢ᠂ ᠬᠠᠭᠤᠴᠢᠷᠠᠵᠤ ᠮᠠᠭᠤᠳᠠᠭᠰᠠᠨ ᠤᠢ ᠶᠢ ᠥᠭᠡᠷᠡᠴᠢᠯᠡᠵᠦ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃︾ ᠤᠯᠤᠰ ᠠᠴᠠ ᠡᠵᠡᠩᠨᠡᠭᠰᠡᠨ ᠰᠢᠨᠬᠤᠸᠠ ᠣᠶ ᠰᠢᠭᠤᠶ ᠶᠢᠨ ᠲᠠᠯᠠᠪᠠᠶ  ᠶᠢᠨ ᠨᠠᠮ ᠤᠨ ᠡᠭᠦᠷ ᠤᠨ ᠱᠦᠵᠢ ᠳ᠋ᠦ᠋ ᠸᠧᠨ ᠬᠤᠸᠠ ᠣᠶᠢᠷ᠎ᠠ ᠬᠠᠪᠢ ᠶᠢᠨ ᠬᠡᠰᠡᠭ ᠢ ᠵᠢᠭᠠᠭᠠᠳ ᠡᠨᠡ ᠵᠢᠯ ᠤᠨ ᠰᠢᠨ᠎ᠡ ᠪᠠᠷ ᠳᠠᠷᠢᠭᠰᠠᠨ ᠪᠣᠷᠣ ᠲᠦᠷᠦᠭᠦᠲᠦ ᠬᠤᠩᠭᠤᠷᠴᠠᠭᠲᠤ ᠮᠣᠳᠣᠨ ᠤ ᠳᠤᠮᠳᠠ ᠶᠦᠷᠭᠦᠭ᠂ ᠠᠯᠢᠰᠤ ᠶᠢᠨ ᠤᠷᠭᠤᠴᠠ ᠰᠠᠶᠢᠨ ᠪᠠᠶᠢᠨ᠎ᠠ ᠭᠡᠵᠡᠢ᠃    ︽ᠵᠠᠮ ᠢᠶᠠᠷ ᠡᠯᠡᠰᠦ ᠶᠢ ᠵᠠᠰᠠᠬᠤ︾᠂ ︽ᠬᠡᠷᠡᠯ ᠴᠡᠨᠡᠭ ᠢᠶᠠᠷ ᠡᠯᠡᠰᠦ ᠶᠢ ᠵᠠᠰᠠᠬᠤ︾ ᠵᠡᠷᠭᠡ ᠵᠠᠭᠪᠤᠷ ᠲᠠᠰᠤᠷᠠᠯᠲᠠ ᠥᠬᠡᠶ ᠰᠢᠨᠡᠴᠢᠯᠡᠭᠳᠡᠨ ᠲᠡᠭᠦᠯᠳᠡᠷᠵᠢᠪᠡ᠃   ᠬᠤᠷᠴᠢᠨ ᠤ ᠡᠯᠡᠰᠦᠷᠬᠡᠭ ᠭᠠᠵᠠᠷ ᠤᠨ ᠪᠠᠷᠠᠭᠤᠨ ᠵᠠᠬ᠎ᠠ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ  ᠤ ᠤᠯᠠᠭᠠᠨ᠋ᠣ᠋ᠳᠣ ᠠᠴᠠ ᠵᠢᠷᠭᠤᠭᠠᠨ ᠭᠡᠷ ᠬᠦᠷᠬᠦ ᠱᠤᠭᠤᠮ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠶᠯ ᠤᠨ ᠲᠣᠭᠤᠷᠢᠭ ᠲᠤ᠂ ᠡᠯᠡᠰᠦ ᠶᠢ ᠳᠤᠭᠤᠯᠤᠭᠰᠠᠨ ᠲᠡᠭᠰᠢᠬᠡᠨ ᠮᠤᠷᠤᠶ ᠰᠠᠷᠤᠶ ᠵᠠᠰᠠᠮᠠᠯ ᠵᠠᠮ ᠨᠢ ᠡᠯᠡᠰᠦᠨ ᠳᠣᠪᠣᠴᠠᠭ ᠢ ᠬᠡᠰᠡᠭᠯᠡᠨ ᠬᠤᠪᠢᠶᠠᠪᠠ᠃ ᠲᠤᠬᠠᠶ ᠶᠢᠨ ᠭᠠᠵᠠᠷ ᠤᠨ ᠮᠠᠯᠴᠢᠨ ᠳᠡᠯᠡᠬᠡᠢ ᠬᠦᠷᠵᠡ ᠪᠠᠷ ᠲᠤᠲᠤᠷᠭᠠᠨ ᠡᠪᠡᠰᠦ ᠶᠢ ᠡᠯᠡᠰᠦᠨ ᠳᠤ ᠨᠤᠭᠤᠯᠤᠨ ᠣᠷᠣᠭᠤᠯᠵᠤ᠂ ᠳᠠᠬᠢᠨ ᠳᠠᠪᠲᠠᠨ ᠳᠠᠷᠤᠭᠠᠳ ᠵᠢᠷᠤᠭᠠᠰᠤ ᠭᠠᠷᠭᠠᠨ᠂ ᠡᠴᠦᠰ ᠲᠤ ᠪᠠᠨ ᠨᠢᠭᠡ ᠡᠪᠡᠰᠦᠨ ᠳᠥᠷᠪᠡᠯᠵᠢᠭᠡᠰᠦ ᠪᠣᠯᠭᠠᠪᠠ᠃ ᠵᠠᠮ ᠤᠨ ᠬᠤᠶᠠᠷ ᠬᠠᠵᠠᠭᠤ ᠪᠠᠷ᠂ ᠲᠤᠭ᠎ᠠ ᠲᠣᠮᠰᠢ ᠦᠭᠡᠢ ᠡᠪᠡᠰᠦᠨ ᠳᠥᠷᠪᠡᠯᠵᠢᠭᠡᠰᠦ ᠦᠷᠭᠦᠯᠵᠢᠯᠡᠭᠡᠳ ᠶᠠᠭ ᠨᠢᠭᠡᠨ ᠨᠣᠮᠢᠨ ᠨᠣᠭᠤᠭᠠᠨ ᠲᠤᠮᠤ ᠲᠣᠣᠷ ᠨᠢ ᠨᠡᠭᠦᠳᠡᠯ ᠡᠯᠡᠰᠦ ᠶᠢ ᠪᠠᠲᠤ ᠪᠠᠬᠢ ᠬᠤᠷᠢᠵᠤ ᠠᠪᠤᠭᠰᠠᠨ ᠰᠢᠭ᠋ ᠪᠠᠶᠢᠳᠠᠭ᠃     ︽16 ᠵᠤᠷᠪᠤᠰ ᠡᠯᠡᠰᠦ ᠶᠢ ᠲᠤᠭᠤᠯᠤᠭᠰᠠᠨ ᠵᠠᠰᠠᠮᠠᠯ ᠵᠠᠮ ᠤᠨ ᠶᠡᠷᠦᠩᠬᠡᠶ ᠣᠷᠳᠣ ᠨᠢ 479.5 ᠺᠢᠯᠣᠮᠧᠲᠷ ᠪᠠᠶᠢᠵᠤ᠂ ᠡᠯᠡᠰᠦᠷᠬᠡᠭ ᠭᠠᠵᠠᠷ ᠢ ︿ᠵᠠᠰᠠᠯᠲᠠ ᠶᠢᠨ ᠲᠣᠤᠷ﹀ ᠪᠣᠯᠭᠠᠨ ᠬᠤᠪᠢᠶᠠᠵᠤ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠡᠯᠡᠰᠦᠷᠬᠡᠭ ᠭᠠᠵᠠᠷ ᠢ 351 ᠲᠦᠮᠡᠨ ᠮᠥ ᠵᠠᠰᠠᠪᠠ᠃︾ ᠣᠩᠨᠢᠭᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠶᠢᠨ ᠦᠵᠡᠬᠦ ᠪᠠᠷ᠂ ᠵᠠᠮ ᠢ ᠬᠠᠮᠢᠭ᠎ᠠ ᠬᠦᠷᠲᠡᠯ᠎ᠡ ᠵᠠᠰᠠᠪᠠᠯ᠂ ᠡᠪᠡᠰᠦᠨ ᠳᠥᠷᠪᠡᠯᠵᠢᠭᠡᠰᠦ ᠶᠢ ᠲᠡᠨᠳᠡ ᠬᠦᠷᠲᠡᠯ᠎ᠡ ᠪᠠᠶᠢᠭᠤᠯᠬᠤ ᠪᠥᠭᠡᠳ ᠲᠤᠬᠠᠶ ᠶᠢᠨ ᠭᠠᠵᠠᠷ ᠤᠨ ᠣᠯᠠᠨ ᠲᠦᠮᠡᠨ  ᠤ ᠭᠠᠳᠠᠭᠠᠳᠤ ᠯᠤᠭ᠎ᠠ ᠶᠢᠨ ᠬᠠᠷᠢᠯᠴᠠᠭ᠎ᠠ ᠳᠤ ᠲᠥᠬᠦᠮ ᠦᠵᠡᠭᠦᠯᠪᠡ᠃      ᠵᠠᠰᠠᠮᠠᠯ ᠵᠠᠮ ᠨᠡᠪᠲᠡᠷᠡᠵᠡᠢ᠂ ᠳᠡᠯᠡᠬᠡᠢ ᠶᠢᠨ ᠲᠡᠵᠢᠭᠡᠭᠰᠡᠨ ᠦᠬᠡᠷ ᠬᠤᠨᠢ ᠪᠠᠰᠠ ᠰᠠᠶᠢᠨ ᠪᠣᠷᠣᠯᠠᠭᠤᠯᠤᠭᠳᠠᠵᠤ ᠡᠬᠢᠯᠡᠪᠡ᠂ ︽ᠡᠪᠡᠰᠦᠨ ᠳᠥᠷᠪᠡᠯᠵᠢᠭᠡᠰᠦ ᠳᠣᠲᠣᠷᠠᠬᠢ ᠮᠣᠳᠣ ᠪᠣᠯᠤᠨ ᠡᠪᠡᠰᠦ ᠤᠷᠭᠤᠭᠰᠠᠨ ᠤ ᠳᠠᠷᠠᠭ᠎ᠠ᠂ ᠮᠠᠨ ᠤ ᠮᠠᠯᠴᠢᠳ ᠲᠤ ᠥᠮᠴᠢᠯᠡᠭᠳᠡᠨ᠎ᠡ᠂ ᠤᠯᠠᠷᠢᠯ ᠤᠨ ᠴᠢᠨᠠᠷᠲᠠᠢ ᠦᠬᠡᠷ ᠬᠤᠨᠢ ᠬᠠᠷᠢᠭᠤᠯᠬᠤ ᠳᠤ᠂ ᠡᠷᠬᠡᠪᠰᠢ ᠰᠠᠶᠢᠨ ᠬᠠᠮᠢᠶᠠᠷᠴᠤ ᠬᠠᠮᠠᠭᠠᠯᠠᠬᠤ ᠬᠡᠷᠡᠭᠲᠡᠢ᠃ ︾     ᠡᠯᠡᠰᠦᠨ ᠰᠢᠭᠤᠷᠭ᠎ᠠ ᠪᠡᠭᠡᠵᠢᠩ ᠳᠤ ᠣᠷᠣᠬᠤ ᠶᠢ ᠬᠤᠷᠢᠭᠯᠠᠬᠤ ᠪᠠ ᠡᠯᠡᠰᠦᠨ ᠰᠢᠭᠤᠷᠭ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠥᠪᠥᠷ ᠮᠣᠩᠭᠤᠯ ᠤᠨ ᠬᠢᠨ ᠶᠠᠭ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢ ᠠᠬᠢᠭᠤᠯᠬᠤ ᠠᠵᠢᠯ ᠢ ᠪᠠᠶᠢᠷᠢᠯᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠤ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠬᠦ ᠪᠠᠷ ᠪᠣᠶ᠃ ᠰᠢᠯᠢ ᠶᠢᠨ ᠭᠤᠤᠯ ᠠᠶᠢᠮᠠᠭ ︽ᠪᠡᠯᠴᠢᠭᠡᠷᠯᠡᠭᠦᠯᠬᠦ ᠶᠢ ᠵᠣᠭᠰᠣᠭᠠᠨ ᠬᠠᠮᠠᠭᠠᠯᠠᠬᠤ᠂ ᠡᠯᠡᠰᠦᠷᠬᠡᠭ ᠭᠠᠵᠠᠷ ᠢ ᠵᠠᠰᠠᠬᠤ᠂ ᠬᠡᠷᠡᠯ ᠴᠡᠨᠡᠭ  ᠤᠨ ᠪᠤᠬᠢᠷᠲᠤᠯ ᠦᠭᠡᠢ ᠴᠠᠬᠢᠯᠭᠠᠨ︾ ᠢ ᠨᠢᠭᠡ ᠴᠤᠭᠴᠠᠵᠢᠭᠤᠯᠤᠨ ᠡᠯᠡᠰᠦ ᠶᠢ ᠵᠠᠰᠠᠬᠤ ᠵᠠᠭᠪᠤᠷ ᠢ ᠬᠡᠷᠡᠭᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠪᠤᠬᠢᠷᠲᠤᠯ ᠦᠭᠡᠢ ᠡᠨᠧᠷᠭᠢ ᠶᠢ ᠨᠡᠭᠡᠭᠡᠨ ᠬᠥᠭᠵᠢᠭᠦᠯᠬᠦ᠂ ᠮᠠᠯᠴᠢᠳ ᠤᠨ ᠠᠰᠢᠭ ᠲᠤᠰᠠ ᠶᠢ ᠬᠠᠮᠲᠤ ᠪᠠᠷ ᠶᠢ ᠪᠡᠶᠡᠯᠡᠭᠦᠯᠪᠡ︔ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠭᠦᠨ ᠵᠠᠶᠢᠯᠠᠵᠤ ᠭᠦᠶᠦᠭᠡᠨ ᠪᠤᠯᠠᠬᠤ︾ ᠳᠠᠷᠢᠬᠤ ᠠᠷᠭ᠎ᠠ ᠶᠢ ᠳᠡᠯᠭᠡᠷᠡᠭᠦᠯᠵᠦ᠂ ᠭᠠᠩ ᠬᠠᠭᠰᠠᠷᠠᠭᠠᠨ ᠢ ᠡᠰᠡᠷᠭᠦᠴᠡᠨ ᠤᠰᠤ ᠬᠠᠳᠠᠭᠠᠯᠠᠬᠤ ᠶᠢᠨ ᠬᠠᠮᠲᠤ ᠲᠣᠬᠢᠷᠠᠮᠵᠢᠲᠠᠶ ᠬᠦᠷᠦᠰᠦᠨ ᠤ ᠳᠤᠯᠠᠭᠠᠨ ᠢ ᠪᠠᠲᠤᠯᠠᠵᠤ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠪᠡ ᠁    ᠠᠯᠠᠱᠠ ᠵᠡᠭᠦᠨ ᠬᠤᠰᠢᠭᠤᠨ ᠤ ᠰᠤᠬᠠᠢᠢᠳᠤ ᠭᠠᠴᠠᠭ᠎ᠠ ᠳᠤ ᠬᠦᠷᠬᠦ ᠳᠤ᠂ ᠬᠥᠮᠦᠨ ᠴᠢᠨᠡᠭᠡ ᠥᠨᠳᠦᠷ ᠵᠠᠭ ᠮᠣᠳᠣᠨ ᠤ ᠳᠤᠮᠳᠠᠭᠤᠷ ᠬᠠᠭᠠᠰ ᠮᠧᠲᠷ ᠭᠠᠷᠤᠢ ᠭᠦᠨ ᠭᠤᠤ ᠲᠠᠢ᠃ ᠮᠠᠯᠴᠢᠨ ᠱᠧᠨ ᠯᠢ ᠰᠢᠨ ᠬᠢᠴᠢᠶᠡᠮᠵᠢᠲᠡᠢ ᠪᠠᠷ ᠨᠢᠭᠡ ᠰᠢᠷᠬᠡᠭ ᠨᠠᠷᠢᠨ ᠤᠷᠳᠤ ᠴᠠᠭᠠᠨ ᠭᠤᠶᠣᠣ ᠭᠠᠷᠭᠠᠵᠤ᠂ ︽ᠮᠠᠯᠲᠠᠬᠤ ᠳᠤ ᠪᠠᠨ ᠬᠢᠴᠢᠶᠡᠵᠦ᠂ ᠵᠠᠭ ᠮᠣᠳᠣᠨ ᠤ ᠦᠨᠳᠦᠰᠦ ᠶᠢ ᠰᠢᠷᠬᠠᠲᠤᠭᠤᠯᠵᠤ ᠪᠣᠯᠬᠤ ᠦᠭᠡᠢ᠂ ᠠᠪᠴᠤ ᠭᠠᠷᠭᠠᠭᠰᠠᠨ ᠤ ᠳᠠᠷᠠᠭ᠎ᠠ ᠡᠯᠡᠰᠦ ᠰᠢᠷᠤᠢ ᠪᠠᠷ ᠪᠥᠭᠯᠡᠵᠦ᠂ ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ ᠰᠠᠶᠢᠲᠤᠷ ᠬᠠᠮᠠᠭᠠᠯᠠᠶ᠎ᠠ︾ ᠭᠡᠪᠡ᠃     ᠣᠳᠣᠬᠠᠨ ᠳᠤ᠂ ᠲᠤᠬᠠᠢ ᠶᠢᠨ ᠭᠠᠵᠠᠷ ᠤᠨ ᠬᠢᠨ ᠪᠡᠯᠴᠢᠭᠡᠷᠯᠡᠭᠦᠯᠬᠦ ᠶᠢ ᠪᠦᠬᠦ ᠲᠠᠯ᠎ᠠ ᠪᠠᠷ ᠵᠣᠭᠰᠣᠭᠠᠵᠤ᠂       ᠱᠧᠨ ᠯᠢ ᠰᠢᠨ ᠵᠠᠰᠠᠭ ᠤᠨ ᠣᠷᠳᠣᠨ ᠤ ᠵᠢᠯᠤᠭᠤᠳᠤᠯᠭ᠎ᠠ ᠳᠣᠣᠷ᠎ᠠ ᠡᠯᠡᠰᠦᠨ ᠤ ᠠᠵᠤ ᠦᠢᠯᠡᠰ ᠢ ᠢᠳᠡᠪᠬᠢᠲᠡᠢ ᠡᠷᠬᠢᠯᠡᠵᠦ᠂ ︽ᠮᠠᠨ ᠤ ᠬᠢᠨ 7200 ᠮᠦ ᠵᠠᠭ ᠤᠨ ᠤᠢ ᠡᠯᠡᠰᠦ ᠶᠢ ᠲᠣᠭᠲᠠᠪᠤᠷᠢᠵᠢᠭᠤᠯᠬᠤ ᠪᠠᠷ ᠪᠠᠷᠠᠬᠤ ᠦᠭᠡᠢ ᠴᠠᠭᠠᠨ ᠭᠤᠶᠣᠣ ᠵᠠᠯᠭᠠᠭᠰᠠᠨ ᠤ ᠳᠠᠷᠠᠭ᠎ᠠ᠂ ᠵᠢᠯ ᠪᠦᠷᠢ ᠳᠤᠮᠳᠠᠴᠢ ᠪᠠᠷ 25 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠦᠨ᠎ᠡ︾ ᠭᠡᠵᠡᠢ᠃     ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠢᠢᠵᠢᠯᠳᠠ ᠶᠢ ᠪᠠᠷᠢᠮᠲᠠᠯᠠᠵᠤ᠂ ᠥᠪᠥᠷ ᠮᠣᠩᠭᠤᠯ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠨᠢᠭᠲᠠ ᠤᠶᠠᠯᠳᠤᠭᠤᠯᠵᠤ᠂ ᠡᠯᠡᠰᠦᠷᠬᠡᠭ ᠭᠠᠵᠠᠷ ᠤᠨ ᠤᠢ ᠮᠣᠳᠣ ᠵᠢᠮᠢᠰ᠂ ᠬᠢᠲᠠᠳ ᠡᠪᠡᠰᠦᠨ ᠡᠮ ᠤᠨ ᠮᠠᠲ᠋ᠧᠷᠢᠶᠠᠯ᠂ ᠬᠡᠷᠡᠯ ᠴᠡᠨᠡᠭ ᠤᠨ ᠰᠢᠨ᠎ᠡ ᠡᠨᠧᠷᠭᠢ᠂ ᠡᠯᠡᠰᠦᠨ ᠤ ᠵᠤᠭᠠᠴᠠᠯ ᠵᠡᠷᠭᠡ ᠳᠠᠪᠠᠭᠤᠯᠢᠭ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠨᠡ ᠵᠢᠯ ᠤᠨ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ  ᠤᠨ ᠣᠶ ᠰᠢᠭᠤᠶ ᠡᠪᠡᠰᠦ ᠡᠯᠡᠰᠦᠨ ᠤ ᠠᠵᠤ ᠦᠶᠯᠡᠰ ᠤᠨ ᠦᠶᠯᠡᠳᠬᠦᠨ ᠤ ᠶᠡᠷᠦᠩᠬᠡᠶ ᠥᠷᠲᠡᠭ 663 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23% ᠪᠠᠷ ᠨᠡᠮᠡᠭᠳᠡᠪᠡ᠃      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ           ︽ᠲᠣᠭᠲᠠᠭᠠᠯ︾ ᠳᠤ᠂  ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠲᠣᠭᠲᠠᠴᠠ ᠶᠢ ᠪᠦᠷᠢᠨᠰᠢᠬᠦᠯᠦᠨ᠎ᠠ︾ ᠭᠡᠵᠦ ᠳᠤᠷᠠᠳᠴᠠᠢ᠃ ︽ᠭᠠᠭᠴᠠ ᠬᠦ ᠡᠯᠡᠰᠦ ᠶᠢ ᠵᠠᠰᠠᠬᠤ ᠠᠴᠠ ᠦᠰᠦᠷᠦᠨ ᠭᠠᠷᠴᠤ ᠡᠯᠡᠰᠦ  ᠶᠢ ᠵᠠᠰᠠᠬᠤ ᠶᠢ ᠠᠳᠬᠤᠪᠠᠯ ᠰᠠᠶ᠋ᠢ ᠴᠦᠯᠯᠡᠷᠬᠡᠭᠵᠢᠯ ᠡᠯᠡᠰᠦᠷᠬᠡᠭᠵᠢᠯ ᠢ ᠦᠨᠳᠦᠰᠦᠨ ᠠᠴᠠ ᠨᠢ ᠰᠢᠢᠳᠪᠦᠷᠢᠯᠡᠵᠦ ᠴᠢᠳᠠᠨ᠎ᠠ᠂ ᠪᠢᠳᠡ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠬᠠᠮᠵᠢᠯᠴᠠᠨ ᠰᠠᠶᠢᠲᠤᠷ ᠬᠢᠵᠦ᠂ ᠬᠡᠷᠡᠯᠴᠢ ᠴᠡᠨᠡᠭ ᠢᠶᠠᠷ ᠡᠯᠡᠰᠦ ᠶᠢ ᠵᠠᠰᠠᠬᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ᠂ ᠠᠮᠢ ᠠᠬᠤᠢ ᠶᠢᠨ ᠵᠤᠭᠠᠴᠠᠯ ᠵᠡᠷᠭᠡ ᠠᠵᠢᠯ ᠢ ᠰᠠᠶᠢᠲᠤᠷ ᠬᠢᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠬᠡᠷᠡᠭᠲᠡᠢ᠃︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠢᠯᠡᠷᠬᠡᠶᠢᠯᠡᠪᠡ᠃                                                                     ᠰᠤᠷᠪᠤᠯᠵᠢᠯᠠᠭᠴᠢ  ᠴᠧᠨ ᠹᠸᠢ ᠢᠤᠢ  ᠵᠠᠩ ᠴᠧᠩ                                 
 
ᠢᠷᠡᠯᠲᠡ᠄ ​ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号