︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠎ᠡ — ᠲᠥᠪ ᠤᠨ ᠡᠳ᠋ ᠤᠨ ᠵᠠᠰᠠᠭ ᠠᠴᠠ 17.8 ᠳ᠋ᠦᠩᠰᠢᠭᠤᠷ ᠲᠥᠭᠦᠷᠢᠭ ᠢᠶᠠᠷ ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾ ᠤᠨ ᠪᠥᠲᠥᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2024/11/21
    ᠣᠶᠢᠷ᠎ᠠ ᠳᠤ ᠤᠯᠤᠰ ᠠᠴᠠ ᠮᠠᠨ ᠤ ᠣᠷᠣᠨ ᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 17.8 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ ᠮᠠᠨ ᠤ ᠣᠷᠣᠨ ᠤ 2024 — 2025 ᠣᠨ ᠳᠤ ︽ᠵᠠᠮ ᠢᠶᠠᠷ ᠡᠯᠡᠰᠦ ᠶᠢ ᠵᠠᠰᠠᠬᠤ︾ ᠶᠢ ᠠᠬᠢᠭᠤᠯᠬᠤ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ︕     ᠤᠯᠤᠰ ᠤᠨ ᠪᠡᠯᠡ ᠮᠥᠩᠭᠦ ᠪᠠᠷ ᠡᠯᠡᠰᠦ ᠶᠢ ᠵᠠᠰᠠᠬᠤ ᠲᠥᠯᠥᠪᠯᠡᠭᠡ ᠶᠢ ᠳᠡᠮᠵᠢᠨ᠎ᠡ     ᠣᠶᠢᠷ᠎ᠠ ᠳᠤ᠂ ᠤᠯᠤᠰ ᠠᠴᠠ ᠨᠢᠭᠡᠨᠲᠡ ᠮᠠᠨ ᠤ ᠣᠷᠣᠨ ᠤ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 17.8 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ᠃ ᠡᠨᠡ ᠬᠦ ᠪᠠᠯᠠ ᠮᠥᠩᠭᠦ ᠨᠢ ᠮᠥᠨ ᠴᠦ ᠲᠥᠪ ᠠᠴᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ             ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠳᠡᠮᠵᠢᠵᠦ ᠪᠠᠶᠢᠭ᠎ᠠ ᠪᠠᠯᠠ ᠮᠥᠩᠭᠦ ᠪᠣᠯᠤᠨ᠎ᠠ᠃     ︽ᠵᠠᠮ ᠢᠶᠠᠷ ᠡᠯᠡᠰᠦ ᠶᠢ ᠵᠠᠰᠠᠬᠤ︾ ᠰᠢᠨ᠎ᠡ ᠶᠢ ᠡᠭᠦᠳᠬᠦ ᠦᠢᠯᠡᠳᠦᠯᠭᠡ     ᠣᠯᠠᠨ ᠵᠢᠯ ᠤᠨ ᠲᠤᠷᠰᠢ᠂ ᠮᠠᠨ ᠤ ᠣᠷᠣᠨ ᠵᠠᠰᠠᠮᠠᠯ ᠵᠠᠮ ᠢ ᠪᠥᠲᠥᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠦᠶᠯᠡᠳᠦᠯᠭᠡ ᠳᠤᠮᠳᠠ ︽ᠵᠠᠮ ᠢᠶᠠᠷ ᠣᠷᠣᠨ ᠬᠤᠪᠢᠶᠠᠬᠤ᠂ ᠬᠡᠰᠡᠭ ᠬᠤᠪᠢᠶᠠᠨ ᠵᠠᠰᠠᠬᠤ᠂ ᠳᠦᠷᠪᠡᠨ ᠲᠠᠯ᠎ᠠ ᠶᠢ ᠲᠣᠭᠲᠠᠪᠤᠷᠢᠵᠢᠭᠤᠯᠬᠤ᠂ ᠥᠷᠥᠴᠡ ᠣᠷᠤᠨ ᠳᠤ ᠨᠡᠪᠴᠢᠭᠦᠯᠬᠦ︾ ᠪᠦᠬᠦᠢ ︽ᠵᠠᠮ ᠢᠶᠠᠷ ᠡᠯᠡᠰᠦ ᠶᠢ ᠵᠠᠰᠠᠬᠤ︾ ᠵᠠᠭᠪᠤᠷ ᠢ ᠬᠠᠶᠢᠨ ᠰᠥᠪᠡᠭᠴᠢᠯᠡᠵᠦ᠂ ᠣᠷᠣᠨ ᠤ ᠳᠣᠲᠣᠷᠠᠬᠢ ᠬᠠᠮᠢᠶ᠎ᠠ ᠪᠥᠬᠦᠶ ᠠᠶᠢᠮᠠᠭ ᠬᠤᠲᠠ ᠳᠤ ᠨᠢᠭᠡᠨᠲᠡ ᠥᠷᠭᠡᠨ ᠢᠶᠠᠷ ᠳᠡᠯᠭᠡᠷᠡᠭᠦᠯᠦᠨ ᠬᠡᠷᠡᠭᠯᠡᠭᠰᠡᠨ ᠪᠥᠭᠡᠳ ᠬᠠᠮᠢᠶ᠎ᠠ ᠪᠥᠬᠦᠶ ᠮᠤᠵᠢ ᠣᠷᠣᠨ ᠳᠤ ᠴᠢᠬᠤᠯᠠ ᠲᠤᠷᠰᠢᠯᠭ᠎ᠠ ᠬᠠᠩᠭᠠᠨ ᠲᠣᠯᠢ ᠪᠣᠯᠭᠠᠵᠤ᠂ ᠡᠯᠡᠰᠦᠨ ᠴᠦᠯ ᠢ ᠰᠡᠷᠭᠡᠶᠢᠯᠡᠨ ᠡᠵᠡᠮᠳᠡᠵᠦ ᠵᠠᠰᠠᠬᠤ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ ᠣᠳᠣᠬᠠᠨ ᠳᠤ᠂ ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾ ᠨᠢ ᠶᠠᠭ ᠥᠪᠡᠷᠮᠢᠴᠡ ᠣᠨᠴᠠᠯᠢᠭ ᠲᠠᠢ ︽ᠵᠠᠮ ᠢᠶᠠᠷ ᠡᠯᠡᠰᠦ ᠶᠢ ᠵᠠᠰᠠᠬᠤ︾ ᠵᠠᠭᠪᠤᠷ  ᠢᠶᠠᠷ ᠡᠯᠡᠰᠦᠷᠬᠡᠭ ᠣᠷᠣᠨ ᠤ ᠤᠯᠠᠨ ᠲᠦᠮᠡᠨ ᠤ ᠭᠠᠳᠠᠨᠠᠬᠢ ᠲᠠᠢ ᠬᠠᠷᠢᠯᠴᠠᠬᠤ ᠵᠠᠮ ᠢ ᠨᠡᠪᠲᠡᠷᠡᠭᠦᠯᠵᠦ᠂ ᠡᠯᠡᠰᠦᠷᠬᠡᠭ ᠣᠷᠣᠨ ᠤ ᠠᠮᠢ ᠠᠬᠤᠢ ᠶᠢ ᠰᠠᠶᠢᠵᠢᠷᠠᠭᠤᠯᠬᠤ ᠪᠠ ᠠᠵᠤ ᠠᠬᠤᠢ ᠶᠢ ᠬᠥᠭᠵᠢᠭᠦᠯᠬᠦ ᠠᠮᠢᠨ ᠰᠤᠳᠠᠰᠤ ᠪᠣᠯᠵᠤ ᠪᠠᠶᠢᠨ᠎ᠠ᠃     ᠰᠠᠨᠠᠭᠠᠴᠢᠯᠠᠭ᠎ᠠ ᠠᠴᠠ ᠪᠠᠨ ᠲᠥᠯᠥᠪᠯᠡᠵᠦ᠂ ᠢᠳᠡᠪᠬᠢᠲᠡᠢ ᠵᠣᠯᠭᠠᠭᠤᠯᠤᠨ᠎ᠠ    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠠᠶᠢᠴᠠᠭᠠᠨ ᠰᠤᠳᠤᠯᠤᠯᠲᠠ ᠬᠢᠵᠦ᠂ ︽ᠵᠠᠮ ᠢᠶᠠᠷ ᠣᠷᠣᠨ ᠬᠤᠪᠢᠶᠠᠬᠤ᠂ ᠬᠡᠰᠡᠭᠯᠡᠨ ᠰᠠᠯᠭᠠᠵᠤ ᠵᠠᠰᠠᠬᠤ︾ ᠵᠠᠰᠠᠮᠠᠯ ᠵᠠᠮ ᠢᠶᠠᠷ ᠡᠯᠡᠰᠦ ᠶᠢ ᠵᠠᠰᠠᠭᠰᠠᠨ ᠲᠤᠷᠰᠢᠯᠭ᠎ᠠ᠂ ᠡᠯᠡᠰᠦᠷᠬᠡᠭ ᠭᠠᠵᠠᠷ ᠤᠨ ᠵᠠᠰᠠᠮᠠᠯ ᠵᠠᠮ ᠢ ᠪᠦᠲᠦᠭᠡᠨ ᠪᠠᠶᠢᠭᠤᠯᠤᠭᠰᠠᠨ ᠰᠢᠨᠵᠢᠯᠡᠬᠦ ᠤᠬᠠᠭᠠᠨ ᠤ  ᠰᠤᠳᠤᠯᠭᠠᠨ ᠤ ᠦᠷ᠎ᠡ ᠪᠦᠲᠦᠭᠡᠯ᠂ ᠵᠠᠰᠠᠮᠠᠯ ᠵᠠᠮ ᠤᠨ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠬᠢᠳᠡᠯ ᠢ ᠨᠠᠷᠢᠨ ᠲᠠᠨᠢᠯᠴᠠᠭᠤᠯᠵᠠᠢ︔ ᠮᠠᠨ ᠤ ᠣᠷᠣᠨ ᠤ ᠡᠯᠡᠰᠦᠷᠬᠡᠭ ᠭᠠᠵᠠᠷ ᠤᠨ ᠵᠠᠰᠠᠮᠠᠯ ᠵᠠᠮ ᠤᠨ ᠲᠣᠤᠷ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠳᠤᠲᠠᠭᠤᠳᠠᠯ ᠢ ᠬᠠᠷᠢᠭᠤ ᠮᠡᠳᠡᠭᠦᠯᠵᠦ᠂ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠬᠡᠷᠡᠭᠵᠢᠭᠦᠯᠦᠭᠳᠡᠬᠦ ᠶᠢ ᠪᠠᠲᠤᠯᠠᠬᠤ ᠲᠠᠢ ᠤᠶᠠᠯᠳᠤᠭᠤᠯᠤᠨ᠂ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠳᠤᠷᠠᠳᠪᠠ᠃ ᠲᠡᠷᠡᠴᠢᠯᠡᠨ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠤᠯᠤᠯᠴᠠᠨ ᠵᠣᠯᠭᠠᠭᠤᠯᠵᠤ ᠬᠠᠷᠢᠭᠤ ᠮᠡᠳᠡᠭᠦᠯᠦᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠣᠯᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠣᠷᠣᠨ ᠤ ︿ᠵᠠᠮ  ᠢᠶᠠᠷ ᠡᠯᠡᠰᠦ ᠶᠢ ᠵᠠᠰᠠᠬᠤ﹀ ᠬᠥᠭᠵᠢᠯᠲᠡ ᠶᠢᠨ ᠲᠥᠯᠥᠪᠵᠢᠭᠦᠯᠭᠡ ︵2024 — 2030 ᠣᠨ︶︾ ᠶᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠠᠵᠢᠯ ᠲᠦᠷᠦᠯ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠵᠦ᠂ 2030 ᠣᠨ ᠪᠣᠯᠬᠤ ᠳᠤ ᠨᠡᠶᠢᠲᠡ ᠮᠠᠨ ᠤ ᠣᠷᠣᠨ ᠤ 6363 ᠺᠢᠯᠣᠮᠧᠲᠷ ᠤᠨ ᠡᠯᠡᠰᠦ ᠶᠢ ᠲᠤᠭᠤᠯᠬᠤ ᠵᠠᠰᠠᠮᠠᠯ ᠵᠠᠮ ᠤᠨ ᠲᠦᠷᠦᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ 7 ᠵᠢᠯ  ᠳᠤ 66.8 ᠳ᠋ᠦᠩᠰᠢᠭᠤᠷ ᠲᠥᠭᠦᠷᠢᠭ ᠤᠨ ᠲᠥᠪ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠥᠩᠭᠦ ᠲᠤᠬᠢᠷᠠᠭᠤᠯᠵᠤ ᠲᠤᠰᠬᠠᠶᠢᠯᠠᠨ ᠡᠯᠡᠰᠦ ᠶᠢ ᠲᠤᠭᠤᠯᠬᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠨᠥᠬᠦᠪᠥᠷᠢ ᠥᠭᠬᠦ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号