ᠪᠠᠷᠠᠭᠠᠨ ᠤ ᠲᠡᠭᠡᠭᠡᠪᠦᠷᠢ᠄  ᠶᠠᠭᠤ ᠶᠢ ᠲᠣᠮᠣ ᠵᠦᠢᠯ ᠤᠨ ᠲᠡᠭᠡᠭᠡᠪᠦᠷᠢ ᠭᠡᠬᠦ ᠪᠤᠢ︖
ᠨᠡᠶᠢᠲᠡᠯᠡᠭᠰᠡᠨ ᠴᠠᠭ᠄
2024/11/21
    ᠲᠣᠮᠣ ᠵᠦᠢᠯ ᠤᠨ ᠲᠡᠭᠡᠭᠡᠪᠦᠷᠢ ᠶᠢ ᠵᠠᠭᠠᠭᠯᠠᠨ ᠲᠣᠭᠲᠠᠭᠠᠬᠤ ᠪᠣᠯ ᠡᠷᠬᠡᠪᠰᠢ ᠵᠠᠳᠠᠯᠤᠨ ᠰᠠᠯᠭᠠᠵᠤ ᠪᠣᠯᠣᠰᠢ ᠦᠭᠡᠢ ᠪᠣᠳᠠᠰ ᠮᠥᠨ᠃    ᠲᠣᠮᠣ ᠵᠦᠢᠯ ᠤᠨ ᠲᠡᠭᠡᠭᠡᠪᠦᠷᠢ ᠨᠢ ᠲᠡᠷᠭᠡ ᠪᠠᠷᠠᠭ᠎ᠠ ᠶᠢᠨ ᠶᠡᠷᠦᠩᠬᠡᠶ ᠮᠠᠰ᠂ ᠶᠡᠷᠦᠩᠬᠡᠶ ᠭᠠᠳᠠᠷ ᠬᠥᠪᠡᠭᠡ ᠶᠢᠨ ᠬᠡᠮᠵᠢᠶ᠎ᠡ ᠶᠢ ᠦᠨᠳᠦᠰᠦᠯᠡᠨ᠂ Ⅰ ᠲᠥᠷᠥᠯ᠂ Ⅱ ᠲᠥᠷᠥᠯ ᠪᠣᠯᠤᠨ Ⅲ ᠲᠥᠷᠥᠯ ᠳᠤ ᠬᠤᠪᠢᠶᠠᠨ᠎ᠠ᠃    ︵ᠨᠢᠭᠡ︶ Ⅰ ᠲᠥᠷᠥᠯ ᠤᠨ ᠲᠣᠮᠣ ᠵᠦᠢᠯ ᠤᠨ ᠲᠡᠭᠡᠭᠡᠪᠦᠷᠢ ᠨᠢ ᠲᠡᠷᠭᠡ ᠪᠠᠷᠠᠭ᠎ᠠ ᠶᠢᠨ ᠶᠡᠷᠦᠩᠬᠡᠶ ᠥᠨᠳᠥᠷ ᠤᠨ ᠬᠡᠮᠵᠢᠶ᠎ᠡ ᠨᠢ ᠭᠠᠵᠠᠷ ᠤᠨ ᠭᠠᠳᠠᠷᠭᠤ ᠠᠴᠠ 4.2 ᠮᠧᠲᠷ ᠠᠴᠠ ᠬᠡᠲᠦᠷᠡᠭᠰᠡᠨ ᠦᠭᠡᠶ᠂ ᠶᠡᠷᠦᠩᠬᠡᠶ ᠥᠷᠭᠡᠨ ᠤ ᠬᠡᠮᠵᠢᠶ᠎ᠡ ᠨᠢ 3 ᠮᠧᠲᠷ ᠠᠴᠠ ᠬᠡᠲᠦᠷᠡᠭᠰᠡᠨ ᠦᠭᠡᠶ᠂ ᠶᠡᠷᠦᠩᠬᠡᠶ ᠤᠷᠲᠤ ᠶᠢᠨ ᠬᠡᠮᠵᠢᠶ᠎ᠡ ᠨᠢ 20 ᠮᠧᠲᠷ ᠠᠴᠠ ᠬᠡᠲᠦᠷᠡᠭᠰᠡᠨ ᠦᠭᠡᠶ ᠮᠥᠷᠲᠡᠭᠡᠨ ᠲᠡᠷᠭᠡ ᠪᠠᠷᠠᠭ᠎ᠠ ᠶᠢᠨ ᠶᠡᠷᠦᠩᠬᠡᠶ ᠬᠦᠨᠳᠦ ᠶᠢᠨ ᠬᠡᠮᠵᠢᠶ᠎ᠡ ᠨᠢ ︽ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ᠤᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠰᠡᠨ ᠦᠭᠡᠶ︔    ︵ᠬᠤᠶᠠᠷ︶ Ⅱ ᠲᠥᠷᠥᠯ ᠤᠨ ᠲᠣᠮᠣ ᠵᠦᠢᠯ ᠤᠨ ᠲᠡᠭᠡᠭᠡᠪᠦᠷᠢ ᠨᠢ Ⅰ ᠲᠥᠷᠥᠯ ᠤᠨ ᠲᠣᠮᠣ ᠵᠦᠢᠯ ᠤᠨ ᠲᠡᠭᠡᠭᠡᠪᠦᠷᠢ ᠶᠢᠨ ᠪᠠᠷᠢᠮᠵᠢᠶ᠎ᠠ ᠠᠴᠠ ᠬᠡᠲᠦᠷᠡᠭᠰᠡᠨ ᠮᠥᠷᠲᠡᠭᠡᠨ ᠲᠡᠷᠭᠡ ᠪᠠᠷᠠᠭ᠎ᠠ ᠶᠢᠨ ᠶᠡᠷᠦᠩᠬᠡᠶ ᠥᠨᠳᠥᠷ ᠤᠨ ᠬᠡᠮᠵᠢᠶ᠎ᠡ ᠶᠢ ᠭᠠᠵᠠᠷ ᠤᠨ ᠭᠠᠳᠠᠷᠭᠤ ᠠᠴᠠ 4.5 ᠮᠧᠲᠷ ᠠᠴᠠ ᠬᠡᠲᠦᠷᠡᠭᠰᠡᠨ ᠦᠭᠡᠶ ᠪᠥᠭᠡᠳ ᠶᠡᠷᠦᠩᠬᠡᠶ ᠥᠷᠭᠡᠨ ᠤ ᠬᠡᠮᠵᠢᠶ᠎ᠡ ᠨᠢ 3.75 ᠮᠧᠲᠷ ᠠᠴᠠ ᠬᠡᠲᠦᠷᠡᠭᠰᠡᠨ ᠦᠭᠡᠶ᠂ ᠶᠡᠷᠦᠩᠬᠡᠶ ᠤᠷᠲᠤ ᠶᠢᠨ ᠬᠡᠮᠵᠢᠶ᠎ᠡ ᠨᠢ 28 ᠮᠧᠲᠷ ᠠᠴᠠ ᠬᠡᠲᠦᠷᠡᠭᠰᠡᠨ ᠦᠭᠡᠶ ᠮᠥᠷᠲᠡᠭᠡᠨ ᠲᠡᠷᠭᠡ ᠪᠠᠷᠠᠭ᠎ᠠ ᠶᠢᠨ ᠶᠡᠷᠦᠩᠬᠡᠶ ᠬᠦᠨᠳᠦ ᠶᠢᠨ ᠬᠡᠮᠵᠢᠶ᠎ᠡ ᠨᠢ 100000 ᠺᠢᠯᠦᠺᠷᠠᠮ ᠢ ᠬᠡᠲᠦᠷᠡᠭᠰᠡᠨ ᠦᠭᠡᠶ︔    ︵ᠭᠤᠷᠪᠠ︶ Ⅲ ᠳᠦᠷᠣᠯ ᠤᠨ ᠲᠣᠮᠣ ᠵᠦᠢᠯ ᠤᠨ ᠲᠡᠭᠡᠭᠡᠪᠦᠷᠢ ᠨᠢ ᠲᠡᠷᠭᠡ ᠪᠠᠷᠠᠭ᠎ᠠ ᠶᠢᠨ ᠶᠡᠷᠦᠩᠬᠡᠶ ᠥᠨᠳᠥᠷ ᠤᠨ ᠬᠡᠮᠵᠢᠶ᠎ᠡ ᠨᠢ ᠭᠠᠵᠠᠷ ᠤᠨ ᠭᠠᠳᠠᠷᠭᠤ ᠠᠴᠠ 4.5 ᠮᠧᠲᠷ ᠠᠴᠠ ᠬᠡᠲᠦᠷᠡᠭᠰᠡᠨ ᠦᠭᠡᠶ᠂ ᠡᠰᠡᠭᠦᠯ᠎ᠡ ᠶᠡᠷᠦᠩᠬᠡᠶ ᠥᠷᠭᠡᠨ ᠤ ᠬᠡᠮᠵᠢᠶ᠎ᠡ ᠨᠢ 3.75 ᠮᠧᠲᠷ ᠠᠴᠠ ᠬᠡᠲᠦᠷᠡᠭᠰᠡᠨ᠂ ᠡᠰᠡᠭᠦᠯ᠎ᠡ ᠶᠡᠷᠦᠩᠬᠡᠶ ᠤᠷᠲᠤ ᠶᠢᠨ ᠬᠡᠮᠵᠢᠶ᠎ᠡ ᠨᠢ 28 ᠮᠧᠲᠷ ᠢ ᠬᠡᠲᠦᠷᠡᠭᠰᠡᠨ᠂ ᠡᠰᠡᠭᠦᠯ᠎ᠡ ᠲᠡᠷᠭᠡ ᠪᠠᠷᠠᠭ᠎ᠠ ᠶᠢᠨ ᠶᠡᠷᠦᠩᠬᠡᠶ ᠬᠦᠨᠳᠦ ᠶᠢᠨ ᠬᠡᠮᠵᠢᠶ᠎ᠡ ᠨᠢ 100000 ᠺᠢᠯᠦᠺᠷᠠᠮ ᠢ ᠬᠡᠲᠦᠷᠡᠭᠰᠡᠨ᠃    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号