︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠳᠥᠴᠢᠨ | ᠵᠢᠷᠭᠤᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ ᠬᠢᠭᠡᠳ ᠵᠠᠰᠠᠮᠠᠯ ᠵᠠᠮ ᠤᠨ | ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠪᠠᠷᠠᠭ᠎ᠠ ᠳᠡᠯᠭᠡᠨ ᠬᠤᠳᠠᠯᠳᠤᠬᠤ᠂ ᠡᠳ᠋ ᠪᠠᠷᠠᠭ᠎ᠠ ᠣᠪᠤᠭᠠᠯᠠᠬᠤ᠂ ᠬᠤᠭ | ᠨᠣᠪᠰᠢ ᠬᠠᠶᠠᠬᠤ᠂ ᠬᠠᠷᠰᠢ ᠰᠠᠭᠠᠳ ᠭᠠᠷᠭᠠᠬᠤ᠂ ᠰᠤᠪᠠᠭ ᠮᠠᠯᠲᠠᠨ ᠤᠰᠤ ᠲᠠᠲᠠᠬᠤ᠂ ᠵᠠᠰᠠᠮᠠᠯ ᠵᠠᠮ ᠤᠨ | ᠬᠠᠵᠠᠭᠤ ᠶᠢᠨ ᠭᠤᠤ ᠶᠢ ᠠᠰᠢᠭᠯᠠᠵᠤ ᠪᠣᠬᠢᠷ ᠪᠣᠳᠠᠰ ᠢ ᠭᠠᠳᠠᠭᠰᠢᠯᠠᠬᠤ ᠪᠤᠶᠤ ᠪᠤᠰᠤᠳ ᠡᠪᠳᠡᠯᠭᠡ ᠬᠢᠬᠦ᠂ ᠵᠠᠰᠠᠮᠠᠯ | ᠵᠠᠮ ᠢ ᠪᠣᠬᠢᠷᠲᠤᠭᠤᠯᠬᠤ ᠵᠠᠰᠠᠮᠠᠯ ᠵᠠᠮ ᠤᠨ ᠰᠠᠭᠠᠳ ᠦᠭᠡᠶ ᠨᠡᠪᠲᠡᠷᠡᠬᠦ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ | ᠦᠭᠡᠶ᠃ | ᠳᠠᠯᠠᠨ ᠳᠣᠯᠣᠳᠤᠭᠠᠷ ᠵᠦᠢᠯ ᠲᠤᠰ ᠬᠠᠤᠯᠢ ᠶᠢᠨ ᠳᠥᠴᠢᠨ ᠵᠢᠷᠭᠤᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠨ᠂ ᠵᠠᠰᠠᠮᠠᠯ ᠵᠠᠮ ᠤᠨ ᠭᠠᠳᠠᠷᠭᠤ ᠶᠢ ᠡᠪᠳᠡᠭᠰᠡᠨ᠂ ᠪᠣᠬᠢᠷᠲᠤᠭᠤᠯᠤᠭᠰᠠᠨ ᠪᠤᠶᠤ ᠵᠠᠰᠠᠮᠠᠯ ᠵᠠᠮ ᠤᠨ ᠰᠠᠭᠠᠳ | ᠦᠭᠡᠶ ᠨᠡᠪᠲᠡᠷᠡᠬᠦ ᠶᠢ ᠨᠦᠯᠦᠭᠡᠯᠡᠭᠰᠡᠨ᠂ ᠡᠰᠡᠬᠦᠯ᠎ᠡ ᠲᠤᠰ ᠬᠠᠤᠯᠢ ᠶᠢᠨ ᠲᠠᠪᠢᠨ ᠨᠢᠭᠡᠳᠦᠭᠡᠷ ᠵᠦᠢᠯ ᠤᠨ ᠲᠣᠭᠲᠠᠭᠠᠯ ᠢ | ᠵᠥᠷᠢᠴᠡᠨ ᠵᠠᠰᠠᠮᠠᠯ ᠵᠠᠮ ᠢ ᠮᠠᠰᠢᠨ ᠲᠣᠷᠰᠢᠬᠤ ᠲᠠᠯᠠᠪᠤᠷ ᠪᠣᠯᠭᠠᠭᠰᠠᠨ ᠪᠣᠯ ᠵᠠᠮ ᠬᠠᠷᠢᠯᠴᠠᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠣᠭᠰᠣᠭᠠᠵᠤ᠂ ᠲᠠᠪᠤᠨ ᠮᠢᠩᠭᠠᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠳᠥᠴᠢᠨ ᠭᠤᠷᠪᠠᠳᠤᠭᠠᠷ ᠵᠦᠢᠯ | ᠲᠡᠷᠭᠡ ᠬᠥᠰᠬᠡ ᠨᠢ ᠵᠢᠷᠤᠮᠵᠢᠯ ᠲᠠᠢ ᠠᠴᠢᠶᠠᠯᠠᠬᠤ ᠬᠡᠷᠡᠭᠲᠡᠶ᠂ ᠠᠴᠢᠶᠠᠯᠠᠭᠰᠠᠨ ᠡᠳ᠋ ᠪᠠᠷᠠᠭ᠎ᠠ ᠶᠢ ᠭᠠᠵᠠᠷ ᠳᠡᠭᠡᠷ᠎ᠡ ᠨᠢ | ᠴᠢᠷᠴᠦ ᠪᠣᠯᠬᠤ ᠦᠭᠡᠶ᠃ ᠲᠡᠷᠭᠡ ᠬᠥᠰᠬᠡ ᠳᠤ ᠲᠡᠭᠡᠭᠡᠬᠦ ᠪᠣᠳᠠᠰ ᠨᠢ ᠠᠮᠠᠷᠬᠠᠨ ᠤᠨᠠᠬᠤ᠂ ᠠᠰᠬᠠᠬᠤ ᠪᠤᠶᠤ | ᠬᠡᠶᠢᠰᠴᠦ ᠰᠠᠷᠨᠢᠪᠠᠯ᠂ ᠸᠠᠭᠤᠨ ᠤ ᠮᠠᠶ᠋ᠢᠭ ᠤᠨ ᠨᠢᠭᠲᠠ ᠪᠢᠲᠡᠭᠦᠮᠵᠢᠯᠡᠬᠦ ᠵᠡᠷᠭᠡ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ | ᠠᠷᠭ᠎ᠠ ᠬᠡᠮᠵᠢᠶ᠎ᠡ ᠠᠪᠤᠪᠠᠯ ᠰᠠᠶ᠋ᠢ ᠵᠠᠰᠠᠮᠠᠯ ᠵᠠᠮ ᠳᠡᠭᠡᠷ᠎ᠡ ᠶᠠᠪᠤᠵᠤ ᠪᠣᠯᠤᠨ᠎ᠠ᠃ | ᠵᠢᠷᠠ ᠶᠢᠰᠦᠳᠦᠭᠡᠷ ᠵᠦᠢᠯ ᠲᠡᠷᠭᠡ ᠬᠥᠰᠬᠡ ᠶᠢᠨ ᠠᠴᠢᠶᠠᠯᠠᠭᠰᠠᠨ ᠪᠣᠳᠠᠰ ᠨᠢ ᠭᠠᠵᠠᠷ ᠲᠤ ᠭᠦᠷᠡᠯᠴᠡᠵᠦ ᠴᠢᠷᠬᠦ᠂ | ᠤᠨᠠᠬᠤ᠂ ᠠᠰᠬᠠᠬᠤ ᠪᠤᠶᠤ ᠬᠡᠶᠢᠰᠦᠨ ᠰᠠᠷᠨᠢᠭᠰᠠᠨ ᠠᠴᠠ ᠵᠠᠰᠠᠮᠠᠯ ᠵᠠᠮ ᠤᠨ ᠭᠠᠳᠠᠷᠭᠤ ᠶᠢ ᠡᠪᠳᠡᠵᠦ | ᠪᠣᠬᠢᠷᠲᠤᠭᠤᠯᠤᠭᠰᠠᠨ ᠪᠣᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ | ᠵᠠᠯᠠᠷᠠᠭᠤᠯᠵᠤ᠂ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ |