ᠵᠠᠮ ᠬᠠᠷᠢᠯᠴᠠᠭᠠᠨ ᠤ ᠰᠢᠨ᠎ᠡ ᠲᠤᠭ᠎ᠠ ᠪᠠᠷᠢᠮᠲᠠ — ᠶᠡᠷᠦᠩᠬᠡᠶᠢᠯᠡᠭᠰᠡᠨ ᠲᠡᠭᠡᠭᠡᠪᠦᠷᠢ ᠶᠢᠨ ᠭᠦᠶᠴᠡᠳᠬᠡᠯ ᠲᠤᠭ᠎ᠠ ᠰᠠᠶᠢᠵᠢᠷᠠᠵᠤ᠂ ᠪᠠᠷᠠᠭᠠᠨ ᠤ ᠲᠡᠭᠡᠭᠡᠪᠦᠷᠢ ᠠᠶᠠᠨᠴᠢᠳ ᠤᠨ ᠵᠥᠭᠡᠭᠡᠪᠦᠷᠢ ᠬᠤᠤᠰ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/11/25
    ᠡᠨᠡ ᠵᠢᠯ ᠤᠨ 1—10 ᠳ᠋ᠤᠭᠠᠷ ᠰᠠᠷ᠎ᠠ ᠳᠤ᠂ ᠮᠠᠨ ᠤ ᠣᠷᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠭᠦᠶᠴᠡᠳᠬᠡᠯ ᠲᠤᠭ᠎ᠠ ᠲᠣᠭᠲᠠᠭᠤᠨ ᠢᠶᠠᠷ ᠰᠠᠶᠢᠵᠢᠷᠠᠵᠤ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠰᠡᠷᠭᠦᠬᠦ ᠬᠠᠨᠳᠤᠰᠢ ᠪᠠᠨ ᠪᠠᠲᠤᠯᠠᠪᠠ᠃
             交通新数据丨综合运输指标向好,货运客运双增长-1.png
    ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 10 ᠰᠠᠷ᠎ᠠ ᠳᠤ᠂ ᠪᠠᠷᠠᠭᠠᠨ ᠤ ᠲᠡᠭᠡᠭᠡᠪᠦᠷᠢ ᠶᠢᠨ ᠲᠠᠯ᠎ᠠ ᠪᠠᠷ᠂ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 20.7 ᠳ᠋ᠦᠩᠰᠢᠭᠤᠷ ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢ 4684.2 ᠳ᠋ᠦᠩᠰᠢᠭᠤᠷ ᠲᠣᠨ ᠺᠢᠯᠣᠮᠧᠲᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.4% ᠪᠠ 1.9% ᠪᠠᠷ ᠨᠡᠮᠡᠭᠳᠡᠪᠡ᠃ ᠡᠭᠦᠨ ᠳᠤ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 13.2 ᠳ᠋ᠦᠩᠰᠢᠭᠤᠷ ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ 2117 ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠ 6.5% ᠪᠠᠷ ᠨᠡᠮᠡᠭᠳᠡᠪᠡ︔ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 7.5 ᠳ᠋ᠦᠩᠰᠢᠭᠤᠷ ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ 2567.2 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 3.4 % ᠪᠠ -1.7 % ᠪᠠᠷ ᠨᠡᠮᠡᠭᠳᠡᠪᠡ︔ ᠠᠷᠠᠳ ᠤᠨ ᠠᠭᠠᠷ ᠤᠨ ᠲᠡᠭᠡᠭᠡᠪᠦᠷᠢ ᠶᠢᠨ ᠬᠡᠮᠵᠢᠶ᠎ᠡ 3.5
ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 30.4% ᠪᠠᠷ ᠨᠡᠮᠡᠭᠳᠡᠪᠡ᠃             交通新数据丨综合运输指标向好,货运客运双增长-2.png
    ᠠᠶᠠᠨᠴᠢᠳ ᠤᠨ ᠵᠥᠭᠡᠭᠡᠪᠦᠷᠢ ᠶᠢᠨ ᠲᠠᠯ᠎ᠠ ᠪᠠᠷ᠂ ᠶᠡᠷᠦᠩᠬᠡᠶᠢᠯᠡᠭᠰᠡᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠶᠢ 8672.2 ᠲᠦᠮᠡᠨ ᠬᠥᠮᠦᠨ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ ᠶᠢ 201.1 ᠳ᠋ᠦᠩᠰᠢᠭᠤᠷ ᠬᠥᠮᠦᠨ ᠺᠢᠯᠣᠮᠧᠲᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.7% ᠪᠠ 7.1% ᠪᠠᠷ ᠨᠡᠮᠡᠭᠳᠡᠪᠡ᠃ ᠡᠭᠦᠨ ᠳᠤ᠂ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 2430.7 ᠲᠦᠮᠡᠨ ᠬᠥᠮᠦᠨ ᠤᠳᠠᠭ᠎ᠠ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ 31.9 ᠳ᠋ᠦᠩᠰᠢᠭᠤᠷ ᠬᠥᠮᠦᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.6%᠂ 15.2% ᠢᠶᠠᠷ ᠨᠡᠮᠡᠭᠳᠡᠪᠡ︔ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 4888.9 ᠲᠦᠮᠡᠨ ᠬᠥᠮᠦᠨ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ 169.3 ᠳ᠋ᠦᠩᠰᠢᠭᠤᠷ ᠬᠥᠮᠦᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1%᠂ 5.8% ᠪᠠᠷ ᠨᠡᠮᠡᠭᠳᠡᠪᠡ︔ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 1353 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠪᠡ᠃     ᠣᠯᠠᠨ ᠤᠯᠤᠰ ᠤᠨ ᠵᠠᠮ ᠲᠡᠭᠡᠭᠡᠪᠦᠷᠢ ᠶᠢᠨ ᠲᠠᠯ᠎ᠠ ᠪᠠᠷ᠂ ᠡᠨᠡ ᠵᠢᠯ ᠤᠨ ᠲᠦᠷᠦᠭᠦᠦ 10 ᠰᠠᠷ᠎ᠠ ᠳᠤ᠂ ᠪᠥᠬᠦ ᠣᠷᠣᠨ ᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 10270.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.0% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 6971.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.0% ᠢᠶᠠᠷ ᠨᠡᠮᠡᠭᠳᠡᠪᠡ᠃     ᠠᠵᠢᠯ ᠲᠥᠷᠥᠯ ᠤᠨ ᠨᠡᠮᠡᠭᠳᠡᠯ ᠥᠷᠲᠡᠭ ᠪᠠ ᠭᠠᠶᠢᠯᠢ ᠲᠠᠲᠠᠪᠤᠷᠢ ᠶᠢᠨ ᠲᠠᠯ᠎ᠠ ᠪᠠᠷ᠂ ᠲᠦᠷᠦᠭᠦᠦ ᠭᠤᠷᠪᠠᠨ ᠤᠯᠠᠷᠢᠯ ᠳᠤ ᠲᠡᠮᠦᠷ ᠵᠠᠮ᠂  ᠵᠠᠰᠠᠮᠠᠯ ᠵᠠᠮ ᠤᠨ ᠲᠡᠭᠡᠭᠡᠪᠦᠷᠢ ᠶᠢᠨ ᠠᠵᠢᠯ ᠲᠥᠷᠥᠯ ᠤᠨ ᠪᠡᠶᠡᠯᠡᠭᠦᠯᠦᠭᠰᠡᠨ ᠭᠠᠶᠢᠯᠢ ᠨᠢ 53.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠡᠭᠦᠨ ᠳᠤ᠂ ᠵᠠᠮ ᠲᠡᠭᠡᠭᠡᠪᠦᠷᠢ ᠨᠢ 30.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 19.0% ᠪᠠᠷ ᠨᠡᠮᠡᠭᠳᠡᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠦᠳᠠᠨ ᠤ ᠦᠶᠯᠡᠰ  ᠤᠨ ᠨᠡᠮᠡᠭᠳᠡᠯ ᠥᠷᠲᠡᠭ 1196.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号