11 ᠳ᠋ᠦ᠋ᠭᠡᠷ ᠰᠠᠷ᠎ᠠ ᠶᠢᠨ 20 ᠤ ᠡᠳᠦᠷ᠂ ᠬᠡᠰᠢᠭᠲᠡᠨ ᠬᠤᠰᠢᠭᠤᠨ ᠤ ᠠᠰᠬᠠᠲᠤ ᠶᠢᠨ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠶᠡᠷᠦᠩᠬᠡᠢ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠭᠤᠤᠯ ᠪᠦᠲᠦᠴᠡ | ᠨᠢ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠪᠡ᠃ | | | | ᠠᠰᠬᠠᠲᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠨᠡᠶᠢᠳᠡᠮ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ | ᠶᠢᠨ ᠲᠥᠷᠥᠯ ᠵᠦᠶᠯ ᠪᠣᠯᠤᠨ᠎ᠠ᠃ ᠠᠰᠬᠠᠲᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠶᠡᠷᠦᠩᠬᠡᠢ | ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠨᠢ 2448.85 ᠲᠡᠭᠰᠢ | ᠳᠥᠷᠪᠡᠯᠵᠢᠨ ᠮᠧᠲᠷ᠂ ᠪᠠᠷᠢᠯᠭ᠎ᠠ ᠶᠢᠨ ᠥᠨᠳᠥᠷ ᠨᠢ 20 ᠮᠧᠲᠷ ᠪᠠᠶᠢᠵᠤ᠂ ᠠᠶᠠᠨᠴᠢᠳ ᠤᠨ ᠣᠷᠣᠵᠤ ᠭᠠᠷᠬᠤ | ᠭᠠᠷᠠᠮ᠂ ᠨᠢᠰᠬᠡᠯ ᠤᠨ ᠪᠠᠭᠤᠳᠠᠯ ᠤᠨ ᠠᠵᠢᠯᠯᠠᠭᠠᠨ ᠤ ᠪᠠᠲᠤᠯᠠᠭ᠎ᠠ᠂ ᠢᠳᠡᠭᠡᠨ ᠤᠮᠳᠠᠭᠠᠨ ᠬᠤᠨᠤᠭ ᠪᠠᠭᠤᠳᠠᠯ᠂ | ᠵᠢᠭᠤᠯᠴᠢᠯᠠᠭᠴᠢᠳ ᠤᠨ ᠲᠥᠪ᠂ ᠬᠤᠷᠠᠯ ᠦᠵᠡᠰᠬᠦᠯᠡᠩ ᠵᠡᠷᠭᠡ ᠴᠢᠳᠠᠮᠵᠢ ᠶᠢᠨ ᠴᠢᠨᠠᠷᠲᠠᠶ ᠬᠤᠷᠠᠮᠠᠯ ᠮᠠᠶ᠋ᠢᠭ ᠤᠨ | ᠪᠠᠷᠢᠯᠭ᠎ᠠ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠠᠰᠬᠠᠲᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠢᠵᠠᠭᠠᠷᠲᠤ | ᠺᠣᠮᠫᠠᠨᠢ ᠠᠴᠠ ᠲᠠᠷᠠᠭᠠᠴᠢ ᠶᠢᠨ ᠪᠠᠷᠢᠯᠭ᠎ᠠ ᠶᠢᠨ ᠠᠵᠢᠯ ᠤᠨ ᠳᠠᠷᠠᠭᠠᠯᠠᠯ ᠢᠶᠠᠨ ᠨᠢᠭᠲᠠ ᠵᠣᠯᠭᠠᠭᠤᠯᠵᠤ᠂ ᠪᠥᠲᠥᠭᠡᠨ | ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠨᠢᠰᠬᠡᠯ ᠤᠨ ᠪᠠᠭᠤᠳᠠᠯ ᠤᠨ ᠲᠣᠭᠲᠠᠭᠰᠠᠨ | ᠬᠤᠭᠤᠴᠠᠭᠠᠨ ᠳᠤ ᠪᠠᠨ ᠠᠰᠢᠭᠯᠠᠯᠲᠠ ᠳᠤ ᠣᠷᠣᠬᠤ ᠶᠢ ᠪᠠᠲᠤᠯᠠᠨ᠎ᠠ᠃ |