︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠤᠨ ᠪᠥᠬᠦ ᠱᠤᠭᠤᠮ ᠤᠨ ᠴᠠᠬᠢᠯᠭᠠᠨᠵᠢᠭᠤᠯᠤᠯᠲᠠ ᠶᠢ ᠨᠡᠪᠲᠡᠷᠡᠭᠦᠯᠵᠦ ᠡᠵᠡᠩᠨᠡᠯᠲᠡ ᠳᠤ ᠣᠷᠣᠭᠤᠯᠪᠠ
ᠨᠡᠶᠢᠲᠡᠯᠡᠭᠰᠡᠨ ᠴᠠᠭ᠄
2024/11/26
20241126-1.jpg
     11 ᠳ᠋ᠦ᠋ᠭᠡᠷ ᠰᠠᠷ᠎ᠠ ᠶᠢᠨ 21 ᠤ ᠡᠳᠦᠷ ᠤᠨ 10᠄ 20 ᠴᠠᠭ ᠲᠤ᠂ ᠱᠣᠤ ᠱᠠᠨ 4 ᠬᠡᠯᠪᠡᠷᠢ ᠶᠢᠨ ᠴᠠᠬᠢᠯᠭᠠᠨ ᠬᠦᠴᠦᠨ ᠤ ᠪᠤᠬ᠎ᠠ ᠲᠡᠷᠭᠡ ᠪᠠᠷ ᠴᠢᠷᠦᠭᠰᠡᠨ ᠨᠢᠭᠡ ᠪᠠᠷᠠᠭᠠᠨ ᠤ ᠭᠠᠯᠲᠤ ᠲᠡᠷᠭᠡ ᠮᠥᠩᠭᠦᠨᠲᠠᠯ᠎ᠠ ᠥᠷᠲᠡᠭᠡ  ᠠᠴᠠ ᠠᠯᠭᠤᠷᠬᠠᠨ ᠭᠠᠷᠴᠤ᠂ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠤᠨ ᠮᠥᠩᠭᠦᠨᠲᠠᠯ᠎ᠠ ᠠᠴᠠ ᠳ᠋ᠠᠪᠠᠨ ᠬᠥᠷᠬᠦ ᠬᠡᠰᠡᠭ ᠤᠨ ᠴᠠᠬᠢᠯᠭᠠᠨᠵᠢᠭᠤᠯᠤᠯᠲᠠ ᠶᠢ ᠨᠡᠪᠲᠡᠷᠡᠭᠦᠯᠵᠦ ᠡᠵᠡᠩᠨᠡᠯᠲᠡ ᠳᠤ ᠣᠷᠣᠭᠤᠯᠪᠠ᠃ ᠢᠩᠭᠢᠭᠡᠳ ᠵᠢᠨᠢᠩ  ᠠᠴᠠ ᠲᠦᠩᠯᠢᠶᠣᠤ ᠬᠦᠷᠬᠦ ᠲᠡᠮᠦᠷ ᠵᠠᠮ ᠤᠨ ᠪᠦᠬᠦ ᠱᠤᠭᠤᠮ ᠨᠢ ᠴᠠᠬᠢᠯᠭᠠᠨᠵᠢᠯᠲᠠ ᠶᠢᠨ ᠴᠠᠭ ᠦᠶ᠎ᠡ ᠳᠤ ᠣᠷᠣᠪᠠ᠃
20241126-2.jpg
     2024 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ᠂ ᠴᠠᠬᠢᠯᠭᠠᠨ ᠬᠦᠴᠦᠨ ᠤ ᠪᠤᠬ᠎ᠠ ᠲᠡᠷᠭᠡ ᠪᠠᠷ ᠴᠢᠷᠦᠭᠰᠡᠨ ᠨᠢᠭᠡᠨ ᠪᠠᠷᠠᠭᠠᠨ ᠤ ᠲᠡᠭᠡᠭᠡᠪᠦᠷᠢ ᠶᠢᠨ ᠭᠠᠯᠲᠤ ᠲᠡᠷᠭᠡ ᠥᠪᠥᠷ ᠮᠣᠩᠭᠤᠯ ᠤᠨ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠤᠨ ᠭᠠᠯᠳᠠᠰᠤᠲᠠᠢ ᠷᠠᠰᠢᠶᠠᠨ ᠶᠡᠭᠡ ᠬᠥᠭᠦᠷᠭᠡ ᠳᠡᠭᠡᠷ᠎ᠡ ᠠᠶᠠᠯᠠᠵᠤ ᠪᠠᠶᠢᠭ᠎ᠠ ᠨᠢ᠃      ᠣᠶᠢᠯᠠᠭᠠᠭᠰᠠᠨ ᠢᠶᠠᠷ᠂ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠪᠣᠯ ᠮᠠᠨ ᠤ ᠤᠯᠤᠰ ᠤᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠬᠤᠯᠪᠣᠭᠰᠠᠨ ᠴᠢᠬᠤᠯᠠ ᠲᠡᠮᠦᠷ ᠵᠠᠮ ᠤᠨ ᠭᠤᠤᠯ ᠱᠤᠭᠤᠮ ᠪᠠᠶᠢᠵᠤ᠂ ᠥᠪᠥᠷ ᠮᠣᠩᠭᠤᠯ ᠤᠨ ᠤᠯᠠᠭᠠᠨᠴᠠᠪ᠂ ᠰᠢᠯᠢ ᠶᠢᠨ ᠭᠤᠤᠯ᠂ ᠤᠯᠠᠭᠠᠨᠬᠠᠳᠠ᠂ ᠲᠦᠩᠯᠢᠶᠣᠤ 4 ᠠᠶᠢᠮᠠᠭ ᠬᠤᠲᠠ ᠶᠢᠨ 13 ᠬᠤᠰᠢᠭᠤ ᠰᠢᠶᠠᠨ ᠢᠶᠠᠷ ᠥᠩᠭᠡᠷᠡᠨ᠂ ᠪᠠᠷᠠᠭᠤᠨᠰᠢ ᠪᠠᠨ ᠪᠡᠭᠡᠵᠢᠩ ᠠᠴᠠ ᠪᠣᠭᠤᠲᠣ ᠬᠦᠷᠬᠦ᠂ ᠵᠢᠨᠢᠩ ᠠᠴᠠ ᠡᠷᠢᠶᠡᠨ ᠬᠥᠷᠬᠦ ᠲᠡᠮᠦᠷ ᠵᠠᠮ ᠲᠠᠢ ᠵᠠᠯᠭᠠᠯᠳᠤᠵᠤ᠂ ᠵᠡᠭᠦᠨᠰᠢ ᠪᠠᠨ ᠲᠦᠩᠯᠢᠶᠣᠤ ᠶᠢᠨ ᠬᠦᠶᠰᠦ ᠳᠤ ᠵᠠᠯᠭᠠᠨ ᠣᠷᠣᠭᠤᠯᠵᠤ᠂ 1995 ᠣᠨ ᠤ 12 ᠳ᠋ᠤᠭᠠᠷ ᠰᠠᠷ᠎ᠠ ᠳᠤ ᠪᠠᠶᠢᠭᠤᠯᠵᠤ ᠲᠠᠭᠤᠰᠬᠠᠨ ᠲᠡᠷᠭᠡ ᠨᠡᠪᠲᠡᠷᠡᠵᠦ᠂ ᠤᠤᠯ ᠨᠢ ᠲᠠᠩ ᠱᠤᠭᠤᠮ ᠤᠨ ᠴᠠᠬᠢᠯᠭᠠᠨᠵᠢᠭᠤᠯᠤᠯᠲᠠ ᠶᠢᠨ ᠪᠤᠰᠤ ᠲᠡᠮᠦᠷ ᠵᠠᠮ ᠪᠠᠶᠢᠵᠤ᠂ ᠪᠥᠬᠦ ᠣᠷᠳᠣ ᠨᠢ 943 ᠺᠢᠯᠣᠮᠧᠲᠷ ᠪᠠᠶᠢᠳᠠᠭ᠃      ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠨᠢ ᠥᠪᠥᠷ ᠮᠣᠩᠭᠤᠯ ᠤᠨ ᠥᠨᠳᠦᠷᠯᠢᠭ᠂ ᠶᠡᠭᠡ ᠬᠢᠩᠭᠠᠨ ᠳᠠᠪᠠᠭ᠎ᠠ ᠶᠢᠨ ᠠᠭᠤᠯᠠ ᠨᠢᠷᠤᠭᠤ ᠪᠠ ᠶᠠᠨᠱᠠᠨ ᠠᠭᠤᠯᠠ ᠨᠢᠷᠤᠭᠤ ᠶᠢ ᠨᠡᠪᠲᠡᠯᠦᠨ ᠭᠠᠷᠴᠤ᠂ ᠭᠠᠵᠠᠷ ᠤᠨ ᠨᠥᠬᠦᠴᠡᠯ ᠪᠠ ᠭᠠᠵᠠᠷ ᠤᠨ ᠪᠠᠶᠢᠴᠠ ᠶᠢᠨ ᠣᠷᠴᠢᠨ ᠲᠣᠭᠤᠷᠢᠨ ᠨᠢ ᠪᠤᠳᠤᠯᠢᠶᠠᠨᠲᠠᠶ ᠪᠠᠶᠢᠵᠤ᠂ ᠪᠢᠷᠠᠭᠤ ᠠᠴᠠ ᠳ᠋ᠠᠪᠠᠨ ᠬᠥᠷᠬᠦ ᠬᠡᠰᠡᠭ ᠤᠨ ᠬᠡᠰᠡᠭ ᠭᠠᠵᠠᠷ ᠤᠨ ᠠᠶᠠᠨᠳᠠᠭᠠᠨ ᠤ ᠭᠤᠯᠳᠤ ᠨᠠᠯᠠᠤ ᠨᠢ 20‰ ᠳᠤ ᠬᠦᠷᠴᠦ᠂ ᠪᠠᠶᠢᠭᠤᠯᠤᠭᠰᠠᠨ ᠡᠬᠢᠨ  ᠤ ᠦᠶ᠎ᠡ ᠳᠤ ᠮᠤᠷᠤᠶ ᠰᠠᠷᠤᠶ ᠪᠠᠷ ᠲᠣᠭᠤᠷᠢᠵᠦ ᠶᠠᠪᠤᠬᠤ ᠪᠠᠷ ᠵᠢᠷᠤᠭ ᠲᠥᠯᠥᠪᠯᠡᠬᠦ ᠠᠷᠭ᠎ᠠ ᠮᠠᠶ᠋ᠢᠭ ᠢ ᠠᠪᠴᠤ ᠭᠠᠯᠲᠤ ᠲᠡᠷᠭᠡᠨ ᠤ ᠥᠭᠡᠳᠡ ᠵᠠᠮ ᠶᠠᠪᠤᠬᠤ ᠶᠢ ᠪᠡᠶᠡᠯᠡᠭᠦᠯᠪᠡ᠃
20241126-3.jpg
    ᠭᠠᠯᠲᠤ ᠲᠡᠷᠭᠡ ᠨᠢ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠤᠨ ᠪᠢᠷᠠᠭᠤ ᠶᠢᠨ ᠣᠨᠴᠠ ᠶᠡᠭᠡ ᠬᠥᠭᠦᠷᠭᠡ ᠳᠡᠭᠡᠷ᠎ᠡ ᠠᠶᠠᠯᠠᠵᠤ ᠪᠠᠶᠢᠭ᠎ᠠ ᠨᠢ᠃     ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠲᠡᠭᠡᠭᠡᠪᠦᠷᠢ ᠶᠢᠨ ᠬᠡᠮᠵᠢᠶ᠎ᠡ ᠶᠢᠨ ᠬᠡᠷᠡᠭᠴᠡᠭᠡ ᠶᠢ ᠬᠠᠩᠭᠠᠵᠤ᠂ ᠥᠪᠥᠷ ᠮᠣᠩᠭᠤᠯ ᠤᠨ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠵᠠᠮ ᠤᠨ ᠲᠣᠤᠷ ᠤᠨ ᠪᠠᠶᠢᠷᠢᠰᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠢ 2020 ᠣᠨ ᠤ 4 ᠳ᠋ᠦ᠋ᠭᠡᠷ ᠰᠠᠷ᠎ᠠ ᠳᠤ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠵᠦ᠂ ᠳᠤᠮᠳᠠᠳᠤ ᠤᠯᠤᠰ  ᠤᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠲᠣᠪᠴᠢᠶ᠎ᠠ ᠠᠴᠠ ᠲᠥᠷᠥᠬᠦᠯᠡᠠ ᠪᠠᠷᠢᠯᠭ᠎ᠠ ᠡᠬᠢᠯᠡᠭᠦᠯᠦᠨ ᠥᠭᠡᠷᠡᠴᠢᠯᠡᠵᠦ᠂ ᠬᠡᠰᠢᠭᠲᠡᠨ ᠤ ᠨᠦᠬᠡᠨ ᠵᠠᠮ᠂ ᠪᠢᠷᠠᠭᠤ ᠶᠢᠨ ᠨᠦᠬᠡᠨ ᠵᠠᠮ ᠵᠡᠷᠭᠡ 7 ᠨᠦᠬᠡᠨ ᠵᠠᠮ ᠪᠠ ᠭᠠᠯᠳᠠᠰᠤᠲᠠᠢ ᠷᠠᠰᠢᠶᠠᠨ ᠶᠡᠭᠡ ᠬᠥᠭᠦᠷᠭᠡ᠂ ᠳᠣᠯᠣᠨ ᠨᠠᠭᠤᠷ ᠤᠨ ᠣᠨᠴᠠ ᠶᠡᠭᠡ ᠬᠥᠭᠦᠷᠭᠡ ᠵᠡᠷᠭᠡ 29 ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠶᠡᠭᠡ ᠮᠤᠷᠤᠶ ᠱᠤᠭᠤᠮ ᠤᠨ ᠵᠠᠮ ᠤᠨ ᠬᠡᠰᠡᠭ ᠢ ︽ᠠᠰᠯᠠᠭᠤᠯᠵᠤ︾᠂ ᠠᠶᠠᠨᠳᠠᠭᠠᠨ ᠤ ᠭᠤᠯᠳᠤ ᠨᠠᠯᠠᠤ ᠶᠢ ᠥᠩᠭᠡᠷᠡᠭᠰᠡᠨ ᠤ ᠬᠠᠮᠤᠭ ᠤᠨ ᠶᠡᠭᠡ 20 ‰ ᠪᠠᠶᠢᠭᠰᠠᠨ ᠠᠴᠠ ᠨᠢ ᠬᠠᠮᠤᠭ ᠤᠨ ᠶᠡᠭᠡ ᠳᠤ ᠪᠠᠨ 13 ‰ ᠠᠴᠠ ᠬᠡᠲᠦᠷᠡᠭᠦᠯᠵᠦ ᠪᠣᠯᠬᠤ ᠥᠬᠡᠶ ᠪᠣᠯᠭᠠᠵᠤ᠂ ᠭᠠᠯᠲᠤ ᠲᠡᠷᠭᠡ ᠨᠢ ᠮᠤᠷᠤᠶ ᠰᠠᠷᠤᠶ ᠪᠠᠷ ᠲᠣᠭᠤᠷᠢᠵᠦ ᠶᠠᠪᠤᠬᠤ ᠴᠢᠬᠤᠯᠠ ᠦᠭᠡᠢ ᠪᠣᠯᠵᠤ᠂ ᠠᠶᠠᠨᠴᠢᠳ ᠪᠠ ᠪᠠᠷᠠᠭ᠎ᠠ ᠶᠢᠨ ᠭᠠᠯᠲᠤ ᠲᠡᠷᠭᠡᠨ ᠤ ᠠᠶᠠᠯᠠᠬᠤ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠪᠣᠯ ᠥᠪᠥᠷ ᠮᠣᠩᠭᠤᠯ ᠤᠨ ᠵᠡᠭᠦᠨ ᠬᠡᠰᠡᠭ᠂ ᠥᠪᠥᠷ ᠮᠣᠩᠭᠤᠯ  ᠤᠨ ᠪᠠᠷᠠᠭᠤᠨ ᠬᠡᠰᠡᠭ ᠣᠷᠣᠨ ᠢ ᠬᠤᠯᠪᠣᠬᠤ ᠴᠢᠬᠤᠯᠠ ᠲᠡᠮᠦᠷ ᠵᠠᠮ ᠤᠨ ᠨᠡᠪᠲᠡᠷᠡᠬᠦ ᠵᠠᠮ ᠪᠣᠯᠤᠨ᠎ᠠ᠃ ᠨᠢᠭᠡᠨᠲᠡ ᠪᠠᠶᠢᠭ᠎ᠠ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ ᠬᠡᠪ ᠤᠨ ᠲᠡᠭᠡᠭᠡᠪᠦᠷᠢ  ᠶᠢᠨ ᠵᠣᠬᠢᠶᠠᠨ ᠪᠠᠶᠢᠭᠤᠯᠤᠯᠲᠠ ᠶᠢᠨ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠲᠡᠮᠦᠷ ᠵᠠᠮ ᠤᠨ ᠰᠠᠯᠠᠭ᠎ᠠ ᠮᠥᠴᠢᠷ  ᠤᠳ ᠪᠠᠷᠢᠯᠭ᠎ᠠ ᠶᠢᠨ ᠲᠥᠰᠦᠯ ᠢᠶᠠᠨ ᠰᠢᠯᠢᠳᠡᠭᠵᠢᠭᠦᠯᠵᠦ᠂ ᠡᠯ᠎ᠡ ᠵᠦᠶᠯ ᠤᠨ ᠠᠮᠤᠷ ᠲᠦᠪᠰᠢᠨ ᠢ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ ᠲᠤᠰᠬᠠᠶ ᠬᠦᠴᠦᠨ ᠲᠣᠮᠢᠯᠠᠵᠤ ᠭᠤᠤᠯᠳᠠᠯᠭ᠎ᠠ ᠲᠠᠢ ᠠᠵᠢᠯᠯᠠᠬᠤ᠂ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠳᠠᠭᠠᠭᠠᠴᠢᠯᠠᠨ ᠡᠵᠡᠮᠳᠡᠭᠦᠯᠵᠦ᠂ ᠲᠡᠮᠦᠷ ᠵᠠᠮ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠶᠢᠨ ᠳᠣᠬᠢᠶ᠎ᠠ ᠵᠡᠷᠭᠡ ᠲᠤᠰᠬᠠᠶ ᠲᠥᠬᠦᠭᠡᠷᠦᠮᠵᠢ ᠶᠢ ᠪᠠᠶᠢᠴᠠᠭᠠᠨ ᠬᠡᠮᠵᠢᠵᠦ ᠰᠢᠯᠭᠠᠨ ᠠᠪᠬᠤ ᠪᠠ ᠴᠢᠳᠠᠮᠵᠢ ᠶᠢᠨ ᠦᠨᠡᠯᠡᠨ ᠵᠢᠱᠢᠯᠲᠡ ᠬᠢᠬᠦ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠠᠬᠢᠴᠠ ᠶᠢ ᠬᠤᠭᠤᠴᠠᠭ᠎ᠠ ᠶᠣᠰᠣ ᠪᠠᠷ ᠪᠡᠶᠡᠯᠡᠭᠦᠯᠬᠦ ᠶᠢᠨ ᠬᠠᠮᠲᠤ ᠨᠢᠭᠡᠨᠲᠡ ᠪᠠᠶᠢᠭ᠎ᠠ ᠱᠤᠭᠤᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃       ᠣᠷᠣᠨ ᠬᠤᠪᠢᠶᠠᠵᠤ ᠪᠠᠷᠢᠯᠭ᠎ᠠ ᠪᠠᠷᠢᠬᠤ᠂ ᠬᠡᠰᠡᠭ ᠬᠤᠪᠢᠶᠠᠨ ᠨᠡᠪᠲᠡᠷᠡᠭᠦᠯᠦᠨ ᠡᠵᠡᠩᠨᠡᠬᠦ ᠠᠷᠭ᠎ᠠ ᠬᠡᠯᠪᠡᠷᠢ ᠪᠠᠷ᠂ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠤᠨ ᠵᠢᠨᠢᠩ ᠠᠴᠠ ᠬᠠᠭᠤᠷᠠᠢ ᠬᠦᠷᠢᠶ᠎ᠡ ᠬᠥᠷᠬᠦ ᠬᠡᠰᠡᠭ ᠢ 2023 ᠣᠨ ᠤ 2 ᠳ᠋ᠤᠭᠠᠷ ᠰᠠᠷ᠎ᠠ ᠳᠤ ᠴᠠᠬᠢᠯᠭᠠᠨᠵᠢᠭᠤᠯᠤᠯᠲᠠ ᠶᠢ ᠨᠡᠪᠲᠡᠷᠡᠭᠦᠯᠵᠦ᠂ ᠬᠠᠭᠤᠷᠠᠢ ᠬᠦᠷᠢᠶ᠎ᠡ ᠠᠴᠠ ᠮᠥᠩᠭᠦᠨᠲᠠᠯ᠎ᠠ ᠬᠥᠷᠬᠦ ᠬᠡᠰᠡᠭ ᠢ 2023 ᠣᠨ ᠤ 11 ᠳ᠋ᠦ᠋ᠭᠡᠷ ᠰᠠᠷ᠎ᠠ ᠳᠤ ᠴᠠᠬᠢᠯᠭᠠᠨᠵᠢᠭᠤᠯᠤᠯᠲᠠ ᠶᠢ ᠨᠡᠪᠲᠡᠷᠡᠭᠦᠯᠵᠦ᠂ ᠳ᠋ᠠᠪᠠᠨ  ᠠᠴᠠ ᠵᠢᠷᠢᠮ ᠬᠥᠷᠬᠦ ᠬᠡᠰᠡᠭ ᠢ 2024 ᠣᠨ ᠤ 10 ᠳ᠋ᠤᠭᠠᠷ ᠰᠠᠷ᠎ᠠ ᠳᠤ ᠴᠠᠬᠢᠯᠭᠠᠨᠵᠢᠭᠤᠯᠤᠯᠲᠠ ᠶᠢ ᠨᠡᠪᠲᠡᠷᠡᠭᠦᠯᠪᠡ᠃ ᠣᠳᠣᠬᠠᠨ ᠳᠤ᠂ ᠪᠥᠬᠦ ᠱᠤᠭᠤᠮ ᠳᠤ ᠨᠡᠶᠢᠲᠡ 35 ᠲᠡᠷᠭᠡᠨ ᠥᠷᠲᠡᠭᠡ ᠲᠣᠬᠢᠷᠠᠭᠤᠯᠵᠤ᠂ ᠡᠭᠦᠨ ᠳᠤ ᠯᠢᠨᠰᠢ᠂ ᠭᠠᠯᠳᠠᠰᠤᠳᠠᠢ ᠪᠣᠯᠤᠨ ᠪᠢᠷᠠᠭᠤ ᠶᠢᠨ ᠪᠠᠷᠠᠭᠤᠨᠳᠠᠬᠢ 3 ᠲᠡᠷᠭᠡᠨ ᠥᠷᠲᠡᠭᠡ ᠨᠢ ᠰᠢᠨ᠎ᠡ ᠪᠠᠷ ᠪᠠᠶᠢᠭᠤᠯᠤᠭᠰᠠᠨ ᠥᠷᠲᠡᠭᠡ ᠪᠣᠯᠣᠨ᠎ᠠ᠃
20241126-4.jpg
     2024 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ᠂ ᠴᠠᠬᠢᠯᠭᠠᠨ ᠬᠦᠴᠦᠨ ᠤ ᠪᠤᠬ᠎ᠠ ᠲᠡᠷᠭᠡ ᠶᠢᠨ ᠴᠢᠷᠦᠭᠰᠡᠨ ᠪᠠᠷᠠᠭᠠᠨ ᠤ ᠭᠠᠯᠲᠤ ᠲᠡᠷᠭᠡ ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠢᠶᠠᠷ ᠠᠶᠠᠯᠠᠵᠤ ᠪᠠᠶᠢᠭ᠎ᠠ ᠨᠢ᠃     ᠵᠢᠨᠢᠩ ᠠᠴᠠ ᠲᠦᠩᠯᠢᠶᠣᠤ ᠬᠥᠷᠬᠦ ᠲᠡᠮᠦᠷ ᠵᠠᠮ ᠤᠨ ᠪᠥᠬᠦ ᠱᠤᠭᠤᠮ ᠤᠨ ᠴᠠᠬᠢᠯᠭᠠᠨᠵᠢᠭᠤᠯᠤᠯᠲᠠ ᠶᠢ ᠨᠡᠪᠲᠡᠷᠡᠭᠦᠯᠵᠦ ᠡᠵᠡᠩᠨᠡᠭᠰᠡᠨ ᠨᠢ᠂ ᠬᠥᠷᠰᠢ ᠵᠡᠷᠭᠡᠯᠡᠳᠡᠭᠡ ᠵᠠᠮ ᠤᠨ ᠲᠣᠤᠷ ᠤᠨ ᠴᠢᠷᠬᠦ ᠬᠥᠳᠡᠯᠭᠡᠬᠦ ᠬᠦᠴᠦᠨ ᠲᠠᠢ ᠢᠵᠢᠯᠢᠰᠢᠭᠦᠯᠬᠦ᠂ ᠱᠤᠭᠤᠮ ᠠᠯᠤᠰᠯᠠᠭᠰᠠᠨ ᠭᠠᠯᠲᠤ ᠲᠡᠷᠭᠡᠨ ᠤ ᠲᠡᠭᠡᠭᠡᠪᠦᠷᠢ ᠶᠢᠨ ᠰᠢᠭᠤᠳ ᠨᠡᠪᠲᠡᠷᠡᠬᠦ ᠶᠢ ᠪᠡᠶᠡᠯᠡᠭᠦᠯᠪᠡ᠃ ᠨᠡᠪᠲᠡᠷᠡᠬᠦ ᠵᠠᠮ ᠤᠨ ᠵᠥᠭᠡᠭᠡᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠠᠶᠠᠨᠴᠢᠳ ᠤᠨ ᠭᠠᠯᠲᠤ ᠲᠡᠷᠭᠡ 2025 ᠣᠨ ᠤ 1 ᠳ᠋ᠦ᠋ᠭᠡᠷ ᠰᠠᠷ᠎ᠠ ᠳᠤ ᠠᠶᠠᠯᠠᠬᠤ ᠵᠢᠷᠤᠭ ᠪᠠᠨ ᠲᠣᠬᠢᠷᠠᠭᠤᠯᠤᠭᠰᠠᠨ ᠤ ᠳᠠᠷᠠᠭ᠎ᠠ ᠴᠠᠭ ᠤᠨ ᠬᠤᠷᠳᠤᠴᠠ ᠶᠢ 65 ᠺᠢᠯᠣᠮᠧᠲᠷ ᠠᠴᠠ 120 ᠺᠢᠯᠣᠮᠧᠲᠷ ᠪᠣᠯᠲᠠᠯ᠎ᠠ ᠳᠡᠭᠡᠭᠰᠢᠯᠡᠭᠦᠯᠵᠦ᠂ ᠬᠥᠬᠡᠬᠤᠲᠠ  ᠠᠴᠠ ᠲᠦᠩᠯᠢᠶᠣᠤ ᠬᠥᠷᠬᠦ ᠠᠶᠠᠨᠴᠢᠳ ᠤᠨ ᠭᠠᠯᠲᠤ ᠲᠡᠷᠭᠡᠨ ᠤ ᠠᠶᠠᠯᠠᠬᠤ ᠴᠠᠭ ᠨᠢ ᠶᠡᠭᠡ ᠪᠠᠷ ᠪᠣᠭᠤᠨᠢᠰᠬᠤ ᠪᠣᠯᠤᠨ᠎ᠠ︔ ᠵᠢᠯ ᠤᠨ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠶᠢ ᠥᠩᠭᠡᠷᠡᠭᠰᠡᠨ ᠤ 3600 ᠲᠦᠮᠡᠨ ᠲᠣᠨ ᠪᠠᠶᠢᠭᠰᠠᠨ  ᠠᠴᠠ 8000 ᠭᠠᠷᠤᠢ ᠲᠦᠮᠡᠨ ᠲᠣᠨ ᠪᠣᠯᠭᠠᠨ ᠳᠡᠭᠡᠭᠰᠢᠯᠡᠭᠦᠯᠵᠦ᠂ ᠲᠠᠰᠤᠷᠠᠯᠳᠠ ᠦᠭᠡᠢ ᠨᠡᠮᠡᠭᠳᠡᠵᠦ ᠪᠠᠶᠢᠭ᠎ᠠ ᠲᠡᠭᠡᠭᠡᠪᠦᠷᠢ ᠶᠢᠨ ᠬᠡᠮᠵᠢᠶᠡᠨ ᠤ ᠬᠡᠷᠡᠭᠴᠡᠭᠡ ᠶᠢ ᠬᠠᠩᠭᠠᠨ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号