ᠪᠠᠷᠠᠭᠠᠨ ᠤ ᠲᠡᠭᠡᠭᠡᠪᠦᠷᠢ᠄ ᠲᠤᠰᠬᠠᠶ ᠬᠡᠷᠡᠭᠯᠡᠬᠦ ᠲᠡᠷᠭᠡ ᠬᠥᠰᠬᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠲᠤᠬᠠᠶ ᠲᠣᠭᠲᠠᠭᠠᠯ
ᠨᠡᠶᠢᠲᠡᠯᠡᠭᠰᠡᠨ ᠴᠠᠭ᠄
2024/11/26
    ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ︾ ︽ᠵᠠᠮ ᠢᠶᠠᠷ ᠠᠶᠤᠯᠲᠤ ᠡᠳ᠋ ᠪᠠᠷᠠᠭ᠎ᠠ ᠲᠡᠭᠡᠭᠡᠪᠦᠷᠢᠯᠡᠬᠦ ᠶᠢ ᠬᠠᠮᠢᠶᠠᠷᠬᠤ ᠲᠣᠭᠲᠠᠭᠠᠯ︾ ᠤᠨ ᠬᠤᠷᠢᠨ ᠭᠤᠷᠪᠠᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠂ ᠲᠤᠰᠬᠠᠶ ᠬᠡᠷᠡᠭᠯᠡᠬᠦ ᠲᠡᠷᠭᠡ ᠬᠥᠰᠬᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠲᠤᠬᠠᠶ ᠲᠣᠭᠲᠠᠭᠠᠯ ᠪᠣᠯᠤᠨ᠎ᠠ᠃ ᠲᠤᠰᠬᠠᠶ ᠬᠡᠷᠡᠭᠯᠡᠬᠦ ᠲᠡᠷᠭᠡ  ᠬᠥᠰᠬᠡ ᠶᠢ ᠬᠢᠨᠠᠨ ᠰᠢᠯᠭᠠᠬᠤ ᠭᠤᠤᠯ ᠴᠣᠭᠴᠠ ᠨᠢ ᠲᠤᠰ ᠵᠦᠶᠯ ᠤᠨ ᠲᠣᠭᠲᠠᠭᠠᠯ ᠢ ᠥᠨᠳᠥᠰᠦᠯᠡᠪᠡᠯ ᠲᠣᠭᠤᠷᠢᠭ ᠲᠣᠬᠢᠷᠠᠭᠤᠯᠤᠭᠰᠠᠨ ᠬᠤᠲᠠ ᠶᠢᠨ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ᠎ᠠ᠂ ᠪᠣᠳᠠᠲᠠᠶ ᠭᠡᠳᠡᠭ ᠨᠢ ᠲᠡᠷᠭᠡ ᠬᠥᠰᠬᠡ ᠳᠤ ︽ᠵᠠᠮ ᠲᠡᠭᠡᠭᠡᠪᠦᠷᠢ ᠶᠢᠨ ᠦᠨᠡᠮᠯᠡᠯ 》 ᠣᠯᠭᠤᠭᠰᠠᠨ ᠲᠣᠭᠤᠷᠢᠭ ᠲᠣᠬᠢᠷᠠᠭᠤᠯᠤᠭᠰᠠᠨ ᠬᠤᠲᠠ ᠶᠢᠨ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠭᠠᠵᠤ ᠪᠤᠶ᠃ ᠬᠢᠨᠠᠨ ᠰᠢᠯᠭᠠᠬᠤ ᠦᠶᠡᠯᠡᠯ ᠨᠢ ᠨᠢᠭᠡ ᠵᠢᠯ᠃ ᠵᠢᠱᠢᠶᠡᠯᠡᠪᠡᠯ ᠬᠤᠲᠠ ᠶᠢᠨ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠨᠢᠭᠡᠨ ᠲᠤᠰᠬᠠᠶ ᠬᠡᠷᠡᠭᠯᠡᠬᠦ ᠲᠡᠷᠭᠡ ᠬᠥᠰᠬᠡ ᠶᠢ ᠬᠢᠨᠠᠨ ᠰᠢᠯᠭᠠᠵᠤ ᠴᠣᠬᠤᠯᠪᠣᠷᠢᠯᠠᠨ ᠲᠣᠳᠣᠷᠬᠠᠶᠢᠯᠠᠭᠰᠠᠨ ᠤ ᠳᠡᠷᠠᠭ᠎ᠠ ᠬᠢᠷᠢ ᠲᠡᠩᠴᠡᠭᠰᠡᠨ ᠢᠶᠠᠷ ᠬᠢᠨᠠᠨ ᠰᠢᠯᠭᠠᠭᠰᠠᠨ ᠡᠳᠦᠷ ᠨᠢ 2012 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠠᠶᠢᠪᠠᠯ᠂ ᠬᠢᠨᠠᠨ ᠰᠢᠯᠭᠠᠬᠤ ᠬᠦᠴᠦᠨ ᠲᠠᠢ ᠬᠤᠭᠤᠴᠠᠭ᠎ᠠ ᠨᠢ 2012 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ 2013 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠣᠯᠣᠨ᠎ᠠ᠂ ᠬᠤᠲᠠ ᠶᠢᠨ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠤᠰᠬᠠᠶ ᠬᠡᠷᠡᠭᠯᠡᠬᠦ ᠲᠡᠷᠭᠡ ᠬᠥᠰᠬᠡ ᠪᠠᠨ ᠳᠠᠬᠢᠨ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠬᠢᠨᠠᠨ ᠰᠢᠯᠭᠠᠬᠤ ᠠᠵᠢᠯ ᠤᠨ ᠳᠤᠮᠳᠠ ᠪᠠᠨ ᠬᠢᠨᠠᠨ ᠰᠢᠯᠭᠠᠬᠤ ᠳᠤ ᠬᠤᠯᠪᠣᠭᠳᠠᠬᠤ ᠳᠠᠩᠰᠠ ᠡᠪᠬᠡᠮᠡᠯ ᠢ ᠬᠠᠳᠠᠭᠠᠯᠠᠬᠤ ᠠᠵᠢᠯ ᠢ ᠰᠠᠶᠢᠲᠤᠷ ᠬᠢᠬᠦ ᠶᠢ ᠠᠩᠬᠠᠷᠤᠨ᠎ᠠ᠃ ᠠᠶᠤᠯᠲᠤ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠡᠩ ᠤᠨ ᠱᠠᠭᠠᠷᠳᠠᠯᠭ᠎ᠠ ᠭᠡᠳᠡᠭ ᠨᠢ ᠲᠡᠷᠭᠡ ᠬᠥᠰᠬᠡ ᠨᠢ ︽ᠵᠠᠮ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠬᠦ ᠵᠢᠴᠢ ᠥᠷᠲᠡᠭᠡ ᠲᠠᠯᠠᠪᠠᠢ ᠶᠢᠨ ᠬᠠᠮᠢᠶᠠᠷᠤᠯᠲᠠ  ᠶᠢᠨ ᠲᠣᠭᠲᠠᠭᠠᠯ︾ ᠤᠨ ᠬᠤᠷᠢᠳᠤᠭᠠᠷ ᠵᠦᠢᠯ ᠳᠤ ᠲᠣᠭᠲᠠᠭᠠᠭᠰᠠᠨ ᠬᠢᠨᠠᠨ ᠰᠢᠯᠭᠠᠬᠤ ᠠᠭᠤᠯᠭ᠎ᠠ ᠶᠢᠨ ᠲᠣᠭᠲᠠᠭᠠᠯ  ᠳᠤ ᠨᠡᠶᠢᠴᠡᠬᠦ ᠶᠢ ᠵᠢᠭᠠᠵᠤ ᠪᠤᠶ᠂ ᠲᠤᠬᠠᠶᠢᠯᠠᠪᠠᠯ ︽ᠬᠢᠨᠠᠨ ᠰᠢᠯᠭᠠᠬᠤ ᠠᠭᠤᠯᠭ᠎ᠠ ᠳᠤ ᠲᠡᠷᠭᠡ ᠬᠥᠰᠬᠡ ᠶᠢᠨ ᠮᠡᠷᠭᠡᠵᠢᠯ  ᠤᠨ ᠳᠠᠩᠰᠠ ᠡᠪᠬᠡᠮᠡᠯ᠂ ᠲᠡᠷᠭᠡ ᠬᠥᠰᠬᠡ ᠶᠢᠨ ᠪᠦᠲᠦᠴᠡ ᠵᠢᠴᠢ ᠬᠡᠮᠵᠢᠶ᠎ᠡ ᠶᠢᠨ ᠬᠤᠪᠢᠷᠠᠯᠲᠠ ᠶᠢᠨ ᠪᠠᠶᠢᠳᠠᠯ ᠪᠣᠯᠤᠨ ᠳᠦᠷᠢᠮ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠭᠲᠠᠨ᠎ᠠ᠃ ᠬᠢᠨᠠᠨ ᠰᠢᠯᠭᠠᠭᠠᠳ ᠱᠠᠭᠠᠷᠳᠠᠯᠭ᠎ᠠ ᠳᠤ ᠨᠡᠶᠢᠴᠡᠭᠰᠡᠨ ᠪᠣᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ︽ᠵᠠᠮ ᠲᠡᠭᠡᠭᠡᠪᠦᠷᠢ ᠶᠢᠨ ᠦᠨᠡᠮᠯᠡᠯ︾ ᠢ ᠬᠢᠨᠠᠨ ᠰᠢᠯᠭᠠᠭᠰᠠᠨ ᠲᠡᠮᠳᠡᠭᠯᠡᠯ ᠳᠤ ᠪᠠᠨ ᠲᠣᠳᠣᠷᠬᠠᠶᠢᠯᠠᠬᠤ ᠬᠡᠷᠡᠭᠲᠡᠶ︔ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠤᠶᠤ ᠬᠤᠪᠢᠷᠠᠭᠤᠯᠬᠤ ᠭᠠᠷ ᠭᠦᠢᠴᠡᠳᠬᠡᠯ ᠬᠢᠯᠭᠡᠬᠦ ᠬᠡᠷᠡᠭᠲᠡᠢ︾᠃ ︵1︶ ᠲᠡᠷᠭᠡ ᠬᠥᠰᠬᠡ ᠶᠢᠨ ᠮᠡᠷᠭᠡᠵᠢᠯ ᠤᠨ ᠲᠠᠩᠰᠠ ᠡᠪᠬᠡᠮᠡᠯ ᠳᠤ ᠲᠡᠷᠭᠡ ᠬᠥᠰᠬᠡ ᠶᠢᠨ ᠮᠡᠷᠭᠡᠵᠢᠯ ᠤᠨ ᠲᠠᠰ ᠤᠨ ᠬᠤᠪᠢᠷᠠᠯᠲᠠ ᠶᠢᠨ ᠪᠠᠶᠢᠳᠠᠯ᠂ ᠲᠡᠷᠭᠡ ᠬᠥᠰᠬᠡ ᠶᠢᠨ ᠮᠡᠷᠭᠡᠵᠢᠯ ᠤᠨ ᠨᠥᠬᠦᠴᠡᠯ ᠵᠡᠷᠭᠡ ᠶᠢ ᠪᠠᠭᠲᠠᠭᠠᠬᠤ ᠬᠡᠷᠡᠭᠲᠡᠶ︔ ︵2︶ ᠲᠡᠷᠭᠡᠨ ᠤ ᠪᠦᠲᠦᠴᠡ᠂ ᠮᠤᠬᠤᠳᠠᠭ ᠬᠤᠪᠢᠷᠠᠯᠲᠠ ᠭᠡᠳᠡᠭ ᠨᠢ ᠵᠥᠪᠰᠢᠶᠡᠷᠡᠯ ᠣᠯᠤᠭᠰᠠᠨ ᠥᠬᠡᠶ ᠪᠠᠷ ᠲᠡᠷᠭᠡ ᠬᠦᠰᠭᠡ ᠪᠠᠨ ᠬᠠᠤᠯᠢ ᠪᠤᠰᠤ ᠪᠠᠷ ᠥᠭᠡᠷᠡᠴᠢᠯᠡᠨ ᠲᠤᠨᠤᠭᠯᠠᠭᠰᠠᠨ ᠡᠰᠡᠬᠦ ᠂ ᠬᠠᠤᠯᠢ ᠶᠣᠰᠣᠭᠠᠷ ᠥᠭᠡᠷᠡᠴᠢᠯᠡᠨ ᠲᠤᠨᠤᠭᠯᠠᠭᠰᠠᠨ ᠴᠤ᠂ ᠥᠭᠡᠷᠡᠴᠢᠯᠡᠨ ᠲᠤᠨᠤᠭᠯᠠᠭᠰᠠᠨ ᠤ ᠳᠠᠷᠠᠭ᠎ᠠ ᠬᠤᠯᠪᠣᠭᠳᠠᠯ ᠪᠥᠬᠦᠶ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠬᠢᠨᠠᠨ ᠰᠢᠯᠭᠠᠨ᠎ᠠ︔ ︵3︶ ᠲᠡᠷᠭᠡ ᠬᠥᠰᠬᠡ ᠶᠢᠨ ᠲᠦᠷᠢᠮ ᠢ ᠵᠥᠷᠢᠴᠡᠭᠰᠡᠨ ᠲᠡᠮᠳᠡᠭᠯᠡᠯ ᠭᠡᠳᠡᠭ ᠨᠢ ᠬᠢᠨᠠᠨ ᠰᠢᠯᠭᠠᠬᠤ ᠣᠨ ᠤ ᠳᠣᠲᠣᠷ᠎ᠠ ᠲᠡᠷᠭᠡ ᠬᠥᠰᠬᠡ ᠶᠢᠨ ᠲᠦᠷᠢᠮ ᠢ ᠵᠥᠷᠢᠴᠡᠭᠰᠡᠨ ᠪᠠᠶᠢᠳᠠᠯ  ᠢ ᠵᠢᠭᠠᠵᠤ ᠪᠠᠶᠢᠨ᠎ᠠ᠃ ᠡᠭᠦᠨ ᠠᠴᠠ ᠭᠠᠳᠠᠨ᠎ᠠ ︽ᠵᠠᠮ ᠢᠶᠠᠷ ᠠᠶᠤᠯᠲᠤ ᠡᠳ᠋ ᠪᠠᠷᠠᠭ᠎ᠠ ᠲᠡᠭᠡᠭᠡᠪᠦᠷᠢᠯᠡᠬᠦ ᠶᠢ ᠬᠠᠮᠢᠶᠠᠷᠬᠤ ᠲᠣᠭᠲᠠᠭᠠᠯ︾ ᠤᠨ ᠬᠤᠷᠢᠨ ᠭᠤᠷᠪᠠᠳᠤᠭᠠᠷ ᠵᠦᠶᠯ ᠳᠤ ᠤᠤᠯ ᠤᠨ ︽ᠲᠣᠭᠲᠠᠭᠠᠯ 》 ᠤᠨ ᠰᠠᠭᠤᠷᠢᠨ ᠳᠡᠭᠡᠷ᠎ᠡ ᠬᠢᠨᠠᠨ ᠰᠢᠯᠭᠠᠬᠤ ᠲᠥᠷᠥᠯ ᠵᠦᠶᠯ ᠢ ᠵᠢᠷᠤᠭ ᠲᠥᠯᠥᠪᠯᠡᠬᠦ ᠭᠤᠷᠪᠠᠨ ᠵᠦᠢᠯ ᠢ ᠰᠢᠨ᠎ᠡ ᠪᠠᠷ ᠨᠡᠮᠡᠪᠡ᠃ ︵1︶ ᠲᠤᠰᠬᠠᠢ ᠬᠡᠷᠡᠭᠯᠡᠬᠦ ᠲᠡᠷᠭᠡ ᠬᠥᠰᠬᠡ ᠶᠢᠨ ᠳᠠᠭᠠᠳᠬᠠᠯ ᠳᠤ ᠣᠷᠣᠭᠰᠠᠨ ᠠᠶᠤᠯᠲᠤ ᠡᠳ᠋ ᠪᠠᠷᠠᠭ᠎ᠠ ᠶᠢ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠪᠠᠶᠢᠳᠠᠯ᠃ ︵3︶ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠭᠠᠵᠢ ᠬᠡᠷᠡᠭᠰᠡᠯ ᠪᠠ ᠠᠶᠤᠯᠭᠦᠢ ᠶᠢᠨ ᠬᠠᠮᠠᠭᠠᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠳᠤᠬᠢᠷᠠᠭᠤᠯᠤᠭᠰᠠᠨ ᠪᠠᠶᠢᠳᠠᠯ᠃ ︵3︶ ᠠᠶᠠᠯᠠᠭᠰᠠᠨ ᠢ ᠲᠡᠮᠳᠡᠭᠯᠡᠬᠦ ᠴᠢᠳᠠᠪᠤᠷᠢ ᠲᠠᠢ ᠳᠠᠭᠠᠭᠤᠯᠢ ᠣᠳᠣᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ ᠲᠣᠬᠢᠷᠠᠭᠤᠯᠤᠭᠰᠠᠨ ᠪᠠᠶᠢᠳᠠᠯ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号