11 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ︽ᠰᠣᠨᠢᠨ | ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ︾ ᠨᠢ ︽ᠣᠳᠣᠬᠢᠴᠢᠯᠠᠯᠲᠠ ᠳᠤ ᠠᠩᠬᠠᠷᠤᠯ ᠢᠶᠠᠨ ᠲᠦᠪᠯᠡᠷᠡᠭᠦᠯᠦᠨ | ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠶ᠎ᠡ — ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ | ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠲᠦᠷᠭᠡᠳᠬᠡᠨ ᠪᠣᠶᠢᠵᠢᠭᠤᠯᠤᠨ᠎ᠠ︾ ᠭᠡᠬᠦ ᠮᠡᠳᠡᠭᠡᠯᠡᠯ ᠢ ᠨᠡᠪᠲᠡᠷᠡᠭᠦᠯᠪᠡ᠃ | | ᠣᠳᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠲᠦᠷᠭᠡᠳᠬᠡᠨ ᠪᠣᠶᠢᠵᠢᠭᠤᠯᠤᠨ᠎ᠠ | ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠦᠶᠯᠡᠰ ᠤᠨ ᠲᠦᠭᠵᠢᠷᠡᠯ ᠤᠨ ᠴᠡᠭ ᠢ ᠤᠯᠠᠮ ᠴᠢᠨᠠᠭᠰᠢᠳᠠ | ᠨᠡᠪᠲᠡᠷᠡᠭᠦᠯᠵᠦ᠂ ᠥᠪᠥᠷ ᠮᠣᠩᠭᠤᠯ ᠤᠨ ᠬᠢᠨ ᠲᠦᠷᠦᠭᠦᠯᠡᠨ ᠪᠠᠶᠢᠳᠠᠯ ᠢ ᠡᠪᠳᠡᠵᠦ᠂ ︽ᠰᠢᠨ᠎ᠡ ᠡᠨᠧᠷᠭᠢ + | ᠲᠣᠭᠠᠴᠢᠯᠠᠭᠰᠠᠨ ᠬᠠᠭᠤᠷᠠᠶ ᠭᠠᠷᠠᠮ + ᠤᠶᠤᠨᠲᠤ ᠪᠠᠷᠠᠭᠠᠨ ᠤ ᠭᠦᠶᠯᠭᠡᠭᠡ + ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ︾ ᠶᠢᠨ ᠴᠣ ᠰᠢᠨ᠎ᠡ ᠡᠵᠡᠩᠨᠡᠯᠲᠡ ᠶᠢᠨ ᠵᠠᠭᠪᠤᠷ ᠢ ᠪᠠᠶᠢᠭᠤᠯᠬᠤ ᠶᠢᠨ ᠬᠠᠮᠲᠤ ︽ᠬᠤᠶᠠᠷ ᠲᠠᠯ᠎ᠠ ᠪᠠᠷ ᠢᠶᠠᠨ | ᠡᠷᠢᠬᠦ︾ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ | ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠪᠠ᠃ | | | | ᠥᠪᠥᠷ ᠮᠣᠩᠭᠤᠯ ᠤᠨ ᠤᠷᠳᠤᠰ ᠤᠨ ᠲᠢᠶᠠᠨ ᠶᠣᠣ ᠡᠨᠧᠷᠭᠢ ᠶᠢᠨ ᠡᠬᠡ ᠬᠠᠭᠤᠷᠠᠢ ᠶᠢᠨ ᠭᠠᠷᠠᠮ ᠳᠤ᠂ ᠲᠤᠮᠤ | ᠬᠡᠯᠪᠡᠷᠢ ᠶᠢᠨ ᠡᠷᠭᠦᠭᠦᠷ ᠮᠠᠰᠢᠨ ᠢ ᠠᠵᠢᠯᠲᠠᠳ ᠠᠯᠤᠰ ᠡᠵᠡᠮᠰᠢᠯ ᠢᠶᠠᠷ ᠴᠢᠩᠭᠡᠯᠢᠭ ᠢ ᠪᠠᠷᠢᠨ ᠠᠪᠴᠤ᠂ ᠲᠣᠭᠲᠠᠭᠰᠠᠨ | ᠣᠷᠣᠨ ᠪᠦᠰᠡ ᠳᠤ ᠯᠠᠪᠳᠠᠭᠤᠨ ᠲᠠᠯᠪᠢᠵᠤ᠂ ᠪᠦᠬᠦᠶᠢᠯᠡ ᠶᠠᠪᠤᠴᠠ ᠳᠤ 3 ᠮᠢᠨᠦ᠋ᠲ ᠴᠦ ᠬᠡᠷᠡᠭᠰᠡᠬᠦ ᠦᠭᠡᠢ ᠪᠠᠶᠢᠯ᠎ᠠ᠃ | ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠴᠠᠭ ᠢᠮᠠᠭᠲᠠ ᠵᠠᠷᠯᠢᠭ ᠬᠦᠯᠢᠶᠡᠵᠦ᠂ ᠡᠳᠦᠷ ᠪᠦᠷᠢ ᠵᠣᠭᠰᠣᠯ | ᠦᠭᠡᠢ ᠪᠠᠷ 168 ᠤᠳᠠᠭ᠎ᠠ ᠳ᠋ᠢᠶᠠᠨ ᡂᠢ ᠰᠣᠯᠢᠵᠤ᠂ 5 ᠮᠢᠨᠦ᠋ᠲ ᠳ᠋ᠢᠶᠠᠨ ᡂᠢ ᠰᠣᠯᠢᠪᠠᠯ 140 ᠺᠢᠯᠣᠮᠧᠲᠷ | ᠦᠷᠭᠦᠯᠵᠢᠯᠡᠨ ᠠᠶᠠᠯᠠᠨ᠎ᠠ᠃ ᠡᠨᠡ ᠵᠢᠯ ᠠᠵᠤ ᠠᠬᠤᠶᠢᠯᠠᠯ 176 ᠰᠢᠨ᠎ᠡ ᠡᠨᠧᠷᠭᠢ ᠶᠢᠨ ᠳ᠋ᠢᠶᠠᠨ ᡂᠢ ᠰᠣᠯᠢᠬᠤ | ᠬᠦᠨᠳᠦ ᠠᠴᠢᠶᠠᠨ ᠤ ᠮᠠᠰᠢᠨ ᠢ ᠣᠷᠣᠭᠤᠯᠵᠤ᠂ 10 ᠲᠦᠮᠡᠨ ᠺᠢᠯᠣᠮᠧᠲᠷ ᠠᠶᠠᠯᠠᠪᠠᠯ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 130 ᠲᠣᠨ ᠪᠠᠭᠠᠰᠬᠠᠨ᠎ᠠ᠃ | ᠥᠪᠥᠷ ᠮᠣᠩᠭᠤᠯ ᠤᠨ ᠲᠢᠶᠠᠨ ᠶᠣᠣ ᠡᠨᠧᠷᠭᠢ ᠶᠢᠨ ᠳᠡᠳ᠋ ᠶᠡᠷᠦᠩᠬᠡᠶ ᠳᠠᠭᠠᠭᠠᠮᠠᠯ ᠼᠤᠤ ᠰᠢᠶᠤᠤ ᠢᠦᠢ᠄ | ᠰᠢᠨ᠎ᠡ ᠡᠨᠧᠷᠭᠢ ᠶᠢᠨ ᠳ᠋ᠢᠶᠠᠨ ᡂᠢ ᠰᠣᠯᠢᠬᠤ ᠬᠦᠨᠳᠦ ᠠᠴᠢᠶᠠᠨ ᠤ ᠮᠠᠰᠢᠨ ᠨᠢ ᠲᠡᠭᠡᠭᠡᠪᠦᠷᠢᠯᠡᠬᠦ ᠳᠤ ᠠᠮᠢᠳᠤᠯᠢᠭ᠂ | ᠠᠮᠤᠷ ᠲᠦᠪᠰᠢᠨ ᠲᠣᠭᠲᠠᠭᠤᠨ ᠪᠠᠶᠢᠵᠤ᠂ ᠲᠡᠭᠡᠭᠡᠪᠦᠷᠢ ᠶᠢᠨ ᠥᠪᠡᠷ ᠤᠨ ᠥᠷᠲᠡᠭ ᠢ 30% ᠪᠠᠷ ᠠᠷᠪᠢᠯᠠᠨ᠎ᠠ᠃ | ᠪᠢᠳᠡ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠨᠢᠭᠡ ᠪᠠᠷᠢᠮᠲᠠ ᠶᠢᠨ ᠲᠦᠷᠢᠮ ᠪᠠ ᠰᠢᠨ᠎ᠡ ᠡᠨᠧᠷᠭᠢ | ᠶᠢᠨ ᠪᠠᠷᠠᠭᠠᠨ ᠤ ᠭᠦᠢᠯᠭᠡᠭᠡ ᠶᠢᠨ ᠠᠵᠤ ᠦᠶᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠵᠠᠮ | ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ᠃ | | | | ︽ᠰᠢᠨ᠎ᠡ ᠡᠨᠧᠷᠭᠢ + ᠲᠣᠭᠠᠴᠢᠯᠠᠭᠰᠠᠨ ᠡᠬᠡ ᠬᠠᠭᠤᠷᠠᠶ ᠶᠢᠨ ᠭᠠᠷᠠᠮ + ᠤᠶᠤᠨᠲᠤ ᠪᠠᠷᠠᠭᠠᠨ ᠤ ᠭᠦᠶᠯᠭᠡᠭᠡ + | ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ︾ ᠶᠢᠨ ᠡᠵᠡᠩᠨᠡᠯᠲᠡ ᠶᠢᠨ ᠵᠠᠭᠪᠤᠷ ᠪᠣᠯ ᠥᠪᠥᠷ ᠮᠣᠩᠭᠤᠯ ᠤᠨ | ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠲᠡᠭᠡᠭᠡᠪᠦᠷᠢ ᠶᠢᠨ ᠬᠦᠷᠢᠶᠡᠨ ᠳᠠᠬᠢ ᠨᠢᠭᠡᠨ ᠴᠣ ᠰᠢᠨ᠎ᠡ ᠰᠥᠪᠡᠭᠴᠢᠯᠡᠯᠲᠡ | ᠪᠣᠯᠤᠨ᠎ᠠ᠃ ᠥᠪᠥᠷ ᠮᠣᠩᠭᠤᠯ ᠤᠨ ᠲᠡᠭᠡᠭᠡᠪᠦᠷᠢ ᠨᠢ ᠪᠥᠭᠡᠮ ᠲᠠᠸᠠᠷ᠂ ᠬᠤᠯᠠ ᠵᠠᠶ ᠶᠢᠨ ᠲᠡᠭᠡᠭᠡᠪᠦᠷᠢ ᠪᠠᠷ ᠭᠤᠣᠯ | ᠪᠣᠯᠭᠠᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠡᠷᠡᠭᠴᠡᠭᠡᠨ ᠤ ᠶᠡᠷᠦᠩᠬᠡᠶ ᠬᠡᠮᠵᠢᠶ᠎ᠡ ᠶᠡᠭᠡ ᠪᠠᠶᠢᠳᠠᠭ᠃ | ᠭᠡᠲᠡᠯ᠎ᠡ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠵᠢᠵᠢᠭ᠂ ᠲᠠᠷᠠᠬᠠᠶ᠂ | ᠪᠠᠭᠤᠷᠠᠶ ᠪᠠᠶᠢᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠢᠶᠠᠨ ᠰᠢᠭᠤᠳ ᠪᠦᠲᠦᠮᠵᠢᠲᠡᠶ ᠵᠠᠯᠭᠠᠯᠳᠤᠬᠤ ᠶᠢ | ᠪᠦᠷᠢᠯᠳᠦᠭᠦᠯᠬᠦ ᠳᠤ ᠪᠡᠷᠬᠡᠲᠡᠶ ᠪᠠᠶᠢᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠬᠢᠭᠡᠳ | ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠨᠢ ᠶᠡᠷᠦ ᠳᠤ ᠪᠠᠨ ᠭᠤᠷᠪᠠᠳᠠᠬᠢ ᠡᠲᠡᠭᠡᠳ ᠢᠶᠠᠷ ᠳᠡᠮᠵᠢᠨ ᠲᠡᠭᠡᠭᠡᠪᠦᠷᠢ | ᠶᠢᠨ ᠬᠠᠮᠲᠤᠷᠠᠯᠴᠠᠭ᠎ᠠ ᠲᠣᠭᠲᠠᠵᠤ᠂ ᠮᠡᠳᠡᠭᠡ ᠵᠠᠩᠭᠢ ᠶᠢᠨ ᠥᠪᠡᠷ ᠤᠨ ᠥᠷᠲᠡᠭ ᠢ ᠨᠡᠮᠡᠭᠳᠡᠭᠦᠯᠵᠡᠶ᠃ | | | | ᠡᠨᠡ ᠵᠢᠯ᠂ ᠥᠪᠥᠷ ᠮᠣᠩᠭᠤᠯ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ | ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠥᠭᠡᠷᠡᠴᠢᠯᠡᠯᠲᠡ ᠶᠢᠨ | ᠭᠤᠤᠯᠳᠠᠯᠭ᠎ᠠ ᠪᠣᠯᠭᠠᠵᠤ᠂ 5 ᠲᠠᠯ᠎ᠠ ᠠᠴᠠ 30 ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤᠷᠠᠳᠴᠤ᠂ ᠨᠢᠭᠡ | ᠪᠦᠯᠦᠭ ᠭᠤᠤᠯᠯᠠᠬᠤ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠭᠤᠤᠯᠳᠠᠯᠭ᠎ᠠ ᠲᠠᠢ ᠪᠣᠶᠢᠵᠢᠭᠤᠯᠪᠠ᠃ ᠪᠣᠶᠢᠵᠢᠭᠤᠯᠤᠭᠰᠠᠨ | ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠰᠢᠨ᠎ᠡ ᠶᠢ ᠡᠭᠦᠳᠦᠭᠰᠡᠨ ᠠᠶᠢᠮᠠᠭ | ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠱᠠᠲᠤ ᠬᠤᠪᠢᠶᠠᠨ ᠲᠦᠷᠦᠭᠦᠯᠡᠭᠰᠡᠨ ᠵᠠᠰᠠᠭ ᠤ ᠣᠷᠳᠣᠨ | ᠠᠵᠤ ᠠᠬᠤᠶᠢᠯᠠᠯ ᠤᠨ ᠲᠡᠭᠡᠭᠡᠪᠦᠷᠢ ᠶᠢᠨ ︽ᠬᠤᠶᠠᠷ ᠲᠠᠯ᠎ᠠ ᠪᠠᠷ ᠢᠶᠠᠨ ᠡᠷᠢᠬᠦ︾ ᠶᠢ ᠵᠣᠯᠭᠠᠭᠤᠯᠬᠤ ᠲᠣᠭᠲᠠᠴᠠ ᠶᠢ | ᠪᠠᠶᠢᠭᠤᠯᠪᠠ᠃ ︽ᠬᠤᠶᠠᠷ ᠲᠠᠯ᠎ᠠ ᠪᠠᠷ ᠢᠶᠠᠨ ᠡᠷᠢᠬᠦ︾ ᠭᠡᠳᠡᠭ ᠨᠢ ᠳᠠᠷᠤᠶ ᠵᠠᠰᠠᠭ ᠤᠨ ᠣᠷᠳᠣᠨ ᠠᠴᠠ ᠲᠠᠪᠴᠠᠩ | ᠪᠠᠶᠢᠭᠤᠯᠵᠤ᠂ ᠪᠠᠷᠠᠭᠠᠨ ᠤ ᠡᠵᠡᠨ᠂ ᠠᠷᠠᠯᠵᠢᠶᠠᠨ ᠤ ᠬᠤᠳᠠᠯᠳᠤᠭᠠᠴᠢᠨ ᠪᠤᠶᠤ ᠬᠡᠷᠡᠭᠯᠡᠭᠡᠨ ᠤ ᠬᠤᠳᠠᠯᠳᠤᠭᠠᠴᠢᠨ ᠳᠤ | ᠥᠪᠡᠷ ᠤᠨ ᠥᠷᠲᠡᠭ ᠢᠶᠠᠷ ᠳᠣᠤᠷ᠎ᠠ᠂ ᠦᠷ᠎ᠡ ᠪᠦᠲᠦᠮᠵᠢ ᠪᠠᠷ ᠥᠨᠳᠥᠷ᠂ ᠭᠠᠳᠠᠭᠰᠢᠯᠠᠭᠤᠯᠤᠯᠲᠠ ᠪᠠᠷ ᠪᠠᠭ᠎ᠠ ᠵᠠᠮ | ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠡᠷᠢᠵᠦ᠂ ᠵᠠᠮ ᠬᠠᠷᠢᠯᠴᠠᠭ᠎ᠠ | ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠳᠤ ᠲᠣᠭᠲᠠᠪᠤᠷᠢᠲᠠᠶ᠂ ᠢᠲᠡᠭᠡᠯ ᠰᠠᠶᠢᠲᠠᠶ ᠪᠠᠷᠠᠭᠠᠨ ᠤ ᠢᠷᠡᠯᠲᠡ ᠶᠢᠨ | ᠠᠵᠤ ᠠᠬᠤᠶᠢᠯᠠᠯ ᠢ ᠡᠷᠢᠵᠦ᠂ ᠬᠤᠶᠠᠷ ᠲᠠᠯ᠎ᠠ ᠪᠠᠷ ᠢᠶᠠᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠬᠤ ᠶᠢ ᠵᠣᠷᠢᠭᠵᠢᠭᠤᠯᠵᠤ᠂ ︽ᠶᠡᠷᠦᠩᠬᠡᠶ ᠶᠢ ᠶᠡᠷᠦᠩᠬᠡᠢ ᠲᠠᠢ ᠨᠢ ᠵᠣᠯᠭᠠᠭᠤᠯᠬᠤ︾ ᠭᠡᠬᠦ | ᠪᠠᠷᠠᠭᠠᠨ ᠤ ᠭᠦᠶᠯᠭᠡᠭᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ︽ᠬᠤᠶᠠᠷ | ᠲᠠᠯ᠎ᠠ ᠪᠠᠷ ᠢᠶᠠᠨ ᠡᠷᠢᠬᠦ︾ ᠶᠢ ᠵᠣᠯᠭᠠᠭᠤᠯᠬᠤ ᠠᠵᠢᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠠᠵᠤ ᠠᠬᠤᠶᠢᠯᠠᠯ | ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠨ᠎ᠡ᠃ ᠣᠳᠣᠬᠠᠨ | ᠪᠣᠯᠲᠠᠯ᠎ᠠ᠂ ᠡᠯ᠎ᠡ ᠠᠶᠢᠮᠠᠭ ᠬᠤᠲᠠ ︽ᠬᠤᠶᠠᠷ ᠲᠠᠯ᠎ᠠ ᠪᠠᠷ ᠢᠶᠠᠨ ᠡᠷᠢᠬᠦ︾ ᠵᠣᠯᠭᠠᠯᠴᠠᠭᠠᠨ ᠤ ᠬᠤᠷᠠᠯ ᠢ ᠨᠡᠶᠢᠲᠡ 25 | ᠤᠳᠠᠭ᠎ᠠ ᠵᠣᠬᠢᠶᠠᠨ ᠪᠠᠶᠢᠭᠤᠯᠵᠤ᠂ ᠣᠷᠳᠣ ᠬᠤᠭᠤᠴᠠᠭᠠᠨ ᠤ ᠲᠡᠭᠡᠭᠡᠪᠦᠷᠢ ᠶᠢᠨ ᠵᠥᠪᠯᠡᠯᠴᠡᠭᠡᠷ ᠢ 3200 ᠭᠠᠷᠤᠶ | ᠲᠦᠮᠡᠨ ᠲᠣᠨ ᠲᠣᠭᠲᠠᠪᠠ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ | ᠤᠨ ᠪᠠᠷᠠᠭ᠎ᠠ ᠲᠡᠭᠡᠭᠡᠪᠦᠷᠢ ᠶᠢᠨ ᠪᠠᠷᠠᠭ᠎ᠠ ᠶᠢᠨ ᠭᠦᠢᠯᠭᠡᠭᠡᠨ ᠤ ᠭᠠᠵᠠᠷ ᠤᠨ ᠳᠠᠷᠤᠭ᠎ᠠ ᠶᠠᠨ ᠸᠠᠩ᠄ | ᠣᠳᠣᠬᠠᠨ ᠪᠣᠯᠲᠠᠯ᠎ᠠ᠂ ᠪᠥᠬᠦ ᠣᠷᠣᠨ ᠤ ᠨᠡᠶᠢᠲᠡ 91 ᠠᠵᠤ ᠠᠬᠤᠶᠢᠯᠠᠯ ᠢ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠨᠥᠭᠡᠴᠡᠯᠡᠬᠦ ᠬᠥᠮᠥᠷᠭᠡ ᠳᠤ ᠣᠷᠣᠭᠤᠯᠵᠤ᠂ ᠵᠠᠰᠠᠮᠠᠯ ᠵᠠᠮ᠂ | ᠲᠡᠮᠦᠷ ᠵᠠᠮ᠂ ᠠᠭᠠᠷ ᠤᠨ ᠠᠶᠠᠯᠠᠯ᠂ ᠰᠢᠦᠳᠠᠨ ᠤ ᠡᠯ᠎ᠡ ᠬᠦᠷᠢᠶ᠎ᠡ ᠶᠢ ᠬᠠᠮᠤᠷᠪᠠ᠃ | |