ᠵᠢᠯᠣᠭᠤᠴᠢ ᠥᠬᠡᠶ ᠨᠢᠰᠬᠡᠯ + ᠳᠣᠬᠢᠭᠤᠷ ᠲᠤᠯᠤᠭᠠᠨ ᠣᠲᠣ ᠳᠠᠭᠠᠭᠤᠯᠢ ᠣᠳᠣᠨ ᠤ ᠠᠶᠠᠯᠠᠯ ᠵᠠᠯᠠᠬᠤ ᠰᠢᠰᠲ᠋ᠧᠮ + AI᠂ ᠵᠠᠰᠠᠮᠠᠯ ᠵᠠᠮ ᠤᠨ ᠤᠶᠤᠨᠲᠤ ᠲᠣᠭᠤᠷᠢᠨ ᠪᠠᠶᠢᠴᠠᠭᠠᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/11/6
    11 ᠳ᠋ᠦ᠋ᠭᠡᠷ ᠰᠠᠷ᠎ᠠ ᠶᠢᠨ 4᠎ ᠤ ᠡᠳᠦᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ         ︽ᠵᠢᠯᠣᠭᠤᠴᠢ ᠥᠬᠡᠶ ᠨᠢᠰᠬᠡᠯ + ᠳᠣᠬᠢᠭᠤᠷ ᠲᠤᠯᠤᠭᠠᠨ ᠣᠲᠣ ᠳᠠᠭᠠᠭᠤᠯᠢ ᠣᠳᠣᠨ ᠤ ᠠᠶᠠᠯᠠᠯ ᠵᠠᠯᠠᠬᠤ ᠰᠢᠰᠲ᠋ᠧᠮ + AI︾ ᠵᠠᠰᠠᠮᠠᠯ ᠵᠠᠮ ᠤᠨ ᠤᠶᠤᠨᠲᠤ ᠲᠣᠭᠤᠷᠢᠨ ᠪᠠᠶᠢᠴᠠᠭᠠᠯᠲᠠ ᠶᠢᠨ ᠡᠬᠢᠯᠡᠭᠦᠯᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠣᠷ᠎ᠠ ᠠᠭᠠᠷ ᠤᠨ ᠠᠵᠤ ᠠᠬᠤᠶ ᠶᠢᠨ ᠠᠵᠤ ᠦᠢᠯᠡᠰ ᠢ ᠠᠬᠢᠭᠤᠯᠬᠤ ᠵᠦᠪᠯᠡᠯ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠤᠯᠪᠣᠭᠳᠠᠯ ᠪᠦᠬᠦᠢ ᠤᠳᠤᠷᠢᠳᠤᠯᠭ᠎ᠠ ᠣᠷᠣᠯᠴᠠᠪᠠ᠃
202411061630.jpg
     ᠡᠬᠢᠯᠡᠯᠲᠡ ᠶᠢᠨ ᠶᠣᠰᠣᠯᠠᠯ ᠤᠨ ᠭᠤᠤᠯ ᠬᠤᠷᠠᠯ ᠤᠨ ᠲᠠᠯᠠᠪᠠᠢ ᠪᠠ ᠬᠤᠪᠢᠶᠠᠷᠢ ᠬᠤᠷᠠᠯ ᠤᠨ ᠲᠠᠯᠠᠪᠠᠢ ᠶᠢ ᠵᠡᠷᠭᠡ ᠎ ᠪᠠᠷ ᠶᠠᠪᠤᠭᠳᠠᠭᠤᠯᠪᠠ᠃ ᠭᠤᠤᠯ ᠬᠤᠷᠠᠯ ᠤᠨ ᠲᠠᠯᠠᠪᠠᠶ ᠳᠤ᠂ ᠬᠤᠯᠪᠣᠭᠳᠠᠯ ᠪᠥᠬᠦᠶ ᠤᠳᠤᠷᠢᠳᠤᠯᠭ᠎ᠠ ᠡᠬᠢᠯᠡᠭᠦᠯᠬᠦ ᠪᠥᠮᠪᠦᠭᠡ ᠶᠢ ᠬᠠᠮᠲᠤ ᠪᠠᠷ ᠳᠠᠷᠤᠭᠰᠠᠨ ᠨᠢ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠠᠩᠬ᠎ᠠ ᠤᠳᠠᠭ᠎ᠠ           ︽ᠵᠢᠯᠣᠭᠤᠴᠢ ᠥᠬᠡᠶ ᠨᠢᠰᠬᠡᠯ + ᠳᠣᠬᠢᠭᠤᠷ ᠲᠤᠯᠤᠭᠠᠨ ᠣᠲᠣ ᠳᠠᠭᠠᠭᠤᠯᠢ ᠣᠳᠣᠨ ᠤ ᠠᠶᠠᠯᠠᠯ ᠵᠠᠯᠠᠬᠤ ᠰᠢᠰᠲ᠋ᠧᠮ + AI︾ ᠵᠠᠰᠠᠮᠠᠯ ᠵᠠᠮ ᠤᠨ ᠤᠶᠤᠨᠲᠤ ᠲᠣᠭᠤᠷᠢᠨ ᠪᠠᠶᠢᠴᠠᠭᠠᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ︔ G7 ᠪᠡᠭᠡᠵᠢᠩ ᠠᠴᠠ ᠰᠢᠨᠵᠢᠶᠠᠩ ᠬᠥᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠥᠬᠡᠬᠤᠲᠠ ᠳᠠᠬᠢ ᠦᠶᠯᠡᠴᠢᠯᠡᠭᠡᠨ ᠤ ᠲᠣᠭᠤᠷᠢᠭ ᠲᠤ᠂ ᠳᠣᠬᠢᠭᠤᠷ ᠲᠤᠯᠤᠭᠠᠨ ᠣᠲᠣ ᠵᠠᠰᠠᠮᠠᠯ ᠵᠠᠮ ᠤᠨ ᠤᠶᠤᠨᠲᠤ ᠲᠣᠭᠤᠷᠢᠨ ᠪᠠᠶᠢᠴᠠᠭᠠᠬᠤ ᠲᠥᠬᠦᠭᠡᠷᠦᠮᠵᠢ᠂ ᠲᠡᠷᠭᠡᠨ ᠳᠡᠭᠡᠷᠡᠬᠢ ᠵᠢᠯᠣᠭᠤᠴᠢ ᠥᠬᠡᠶ ᠨᠢᠰᠬᠡᠯ ᠢ ᠵᠡᠷᠭᠡ ᠪᠠᠷ ᠠᠰᠢᠭᠯᠠᠯᠲᠠ ᠳᠤ ᠣᠷᠣᠭᠤᠯᠪᠠ᠃ ︽ᠵᠢᠯᠣᠭᠤᠴᠢ ᠥᠬᠡᠶ ᠨᠢᠰᠬᠡᠯ + ᠳᠣᠬᠢᠭᠤᠷ ᠲᠤᠯᠤᠭᠠᠨ ᠣᠲᠣ ᠳᠠᠭᠠᠭᠤᠯᠢ ᠣᠳᠣᠨ ᠤ ᠠᠶᠠᠯᠠᠯ ᠵᠠᠯᠠᠬᠤ ᠰᠢᠰᠲ᠋ᠧᠮ + AI︾ ᠵᠠᠰᠠᠮᠠᠯ ᠵᠠᠮ ᠤᠨ ᠤᠶᠤᠨᠲᠤ ᠲᠣᠭᠤᠷᠢᠨ ᠪᠠᠶᠢᠴᠠᠭᠠᠬᠤ ᠮᠡᠷᠭᠡᠵᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠨᠢ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠳᠣᠤᠷ᠎ᠠ ᠠᠭᠠᠷ ᠤᠨ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ ᠶᠢᠨ ᠬᠥᠰᠢᠭᠡ ᠶᠢ ᠵᠢᠩᠬᠢᠨᠢ ᠪᠠᠷ ᠨᠡᠭᠡᠭᠡᠭᠰᠡᠨ ᠢ ᠬᠠᠷᠠᠭᠤᠯᠵᠤ᠂ ᠪᠦᠯᠦᠭᠯᠡᠯ ᠤᠨ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
202411061631.jpg
202411061633.jpg
    ᠣᠶᠢᠯᠠᠭᠠᠭᠰᠠᠨ ᠢᠶᠠᠷ᠂ ᠣᠳᠣᠬᠠᠨ ᠳᠤ ᠳᠣᠤᠷ᠎ᠠ ᠠᠭᠠᠷ ᠤᠨ ᠠᠵᠤ ᠠᠬᠤᠶ ᠶᠢᠨ ᠠᠵᠤ ᠦᠶᠯᠡᠰ ᠶᠠᠭ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠶᠢᠨ ᠪᠠᠷᠢᠮᠵᠢᠶ᠎ᠠ ᠳᠤ ᠬᠦᠷᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠣᠯᠠᠨ ᠡᠰᠢᠲᠦ ᠬᠥᠭᠵᠢᠯᠲᠡ ᠶᠢᠨ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠣᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠳᠣᠤᠷ᠎ᠠ ᠠᠭᠠᠷ ᠤᠨ ᠠᠵᠤ ᠠᠬᠤᠶ ᠎ ᠶᠢᠨ ᠠᠵᠤ ᠦᠶᠯᠡᠰ ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠤᠷᠤᠯᠳᠤᠭᠠᠨ ᠤ ᠵᠠᠮ ᠪᠣᠯᠭᠠᠵᠤ᠂ ᠪᠦᠯᠦᠭᠯᠡᠯ ᠤᠨ ᠡᠯᠪᠡᠭ ᠪᠠᠶᠠᠯᠢᠭ ᠵᠠᠮ ᠤᠨ ᠲᠣᠣᠷ ᠤᠨ ᠡᠬᠢ ᠪᠠᠶᠠᠯᠢᠭ ᠪᠠ ᠬᠡᠷᠡᠭᠯᠡᠭᠡᠨ ᠤ ᠳᠠᠪᠠᠭᠤᠯᠢᠭ ᠲᠤ ᠲᠦᠰᠢᠭᠯᠡᠨ᠂ ᠳᠣᠤᠷ᠎ᠠ ᠠᠭᠠᠷ ᠤᠨ ᠠᠵᠤ ᠠᠬᠤᠶ ᠶᠢᠨ ᠠᠵᠤ ᠦᠶᠯᠡᠰ ᠢ ᠤᠷᠢᠳᠴᠢᠯᠠᠨ ᠪᠠᠶᠢᠷᠢᠰᠢᠭᠤᠯᠵᠤ᠂ ᠡᠵᠡᠩᠨᠡᠯᠲᠡ ᠶᠢᠨ ᠪᠠᠶᠢᠳᠠᠯ ᠢ ᠲᠥᠰᠦᠪᠯᠡᠨ ᠥᠷᠭᠡᠳᠬᠡᠬᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠡᠮᠦᠨᠡᠬᠢ ᠬᠤᠭᠤᠴᠠᠭᠠᠨ ᠤ ᠠᠵᠢᠯ ᠪᠣᠯᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠯᠬᠤᠴᠠ ᠶᠢ ᠲᠥᠷᠭᠡᠳᠬᠡᠵᠦ᠂ ᠳᠣᠤᠷ᠎ᠠ ᠠᠭᠠᠷ ᠤᠨ ᠠᠵᠤ ᠦᠶᠯᠡᠰ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠴᠠ ᠠᠵᠤ ᠦᠶᠯᠡᠰ ᠤᠨ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠶᠢ ᠴᠢᠷᠮᠠᠶᠢᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号