ᠥᠪᠥᠷ ᠮᠣᠩᠭᠤᠯ ᠤᠨ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ — ᠲᠦᠷᠦᠭᠦᠦ 10 ᠰᠠᠷ᠎ᠠ ᠳᠤ ᠪᠥᠬᠦ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠶᠯ ᠳᠤ 440 ᠭᠠᠷᠤᠶ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/11/8
    11 ᠳ᠋ᠦ᠋ᠭᠡᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠎ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠃ ᠥᠪᠥᠷ ᠮᠣᠩᠭᠤᠯ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠦᠶᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠡᠷᠦᠩᠬᠡᠶᠢᠯᠡᠭᠰᠡᠨ ᠲᠡᠭᠡᠭᠡᠪᠦᠷᠢ ᠶᠢᠨ ᠨᠡᠪᠲᠡᠷᠡᠬᠦ ᠵᠠᠮ ᠢ ᠪᠠᠶᠢᠭᠤᠯᠵᠤ᠂ ᠵᠠᠮ ᠬᠠᠷᠢᠯᠴᠠᠭᠠᠨ ᠤ ᠦᠶᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃
202411081750.jpg
    ᠡᠨᠡ ᠵᠢᠯ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠳᠠᠷᠤᠶᠢᠬᠠᠨ ᠭᠦᠶᠴᠡᠳᠬᠡᠬᠦ᠂ ᠱᠠᠯᠠᠪᠳᠠᠭᠤᠯᠤᠨ ᠬᠢᠬᠦ᠂ ᠲᠦᠷᠭᠡᠨ ᠦᠷ᠎ᠡ ᠪᠦᠲᠦᠮᠵᠢ ᠭᠠᠷᠭᠠᠬᠤ ᠶᠢ ᠪᠠᠷᠢᠮᠲᠠᠯᠠᠵᠤ᠂ 30 ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠠᠪᠠ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ ᠢ ᠨᠡᠶᠢᠲᠡᠯᠡᠨ᠂ ᠬᠦᠶᠲᠡᠨ ᠬᠡᠯᠬᠢᠶᠡᠲᠦ ᠲᠡᠭᠡᠭᠡᠪᠦᠷᠢ ᠶᠢᠨ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠰᠢᠤᠳᠠᠨ ᠤ ᠳᠠᠭᠠᠭᠤᠯᠤᠭᠴᠢ ᠠᠵᠤ ᠠᠬᠤᠶᠢᠯᠠᠯ ᠢ 91 ᠪᠣᠶᠢᠵᠢᠭᠤᠯᠪᠠ᠃ ᠠᠭᠠᠷ ᠠᠶᠠᠯᠠᠯ ᠤᠨ ᠠᠵᠤ ᠦᠶᠯᠡᠰ ᠤᠨ ᠬᠥᠭᠵᠢᠯᠲᠡ ᠶᠢᠨ ᠲᠥᠰᠦᠯ ᠢ ᠨᠡᠶᠢᠲᠡᠯᠡᠵᠦ᠂ 10 ᠳ᠋ᠤᠭᠠᠷ ᠰᠠᠷ᠎ᠠ ᠶᠢᠨ 25᠎ ᠤ ᠡᠳᠦᠷ              ︽ᠥᠪᠡᠷᠲᠡᠭᠡᠨ ᠵᠠᠰᠠᠬᠤ ᠣᠷᠣᠨ ᠤ ᠳᠣᠤᠷ᠎ᠠ ᠠᠭᠠᠷ ᠤᠨ ᠪᠠᠷᠠᠭᠠᠨ ᠤ ᠭᠦᠶᠯᠭᠡᠭᠡ ᠶᠢᠨ ᠴᠢᠨᠠᠷ ᠰᠠᠶᠢᠲᠠᠶ ᠬᠥᠭᠵᠢᠯᠲᠡ ᠎ ᠶᠢᠨ ᠬᠡᠷᠡᠭᠵᠢᠭᠦᠯᠬᠦ ᠲᠥᠰᠦᠯ ︵2024 - 2027 ᠣᠨ︶︾᠎ ᠢ ᠳᠠᠷᠤᠮᠠᠯᠯᠠᠨ ᠲᠠᠷᠬᠠᠭᠠᠵᠤ᠂ 2027 ᠣᠨ ᠤ ᠡᠴᠦᠰ ᠪᠣᠯᠲᠠᠯ᠎ᠠ ᠵᠢᠯᠣᠭᠤᠴᠢ ᠥᠬᠡᠶ ᠨᠢᠰᠬᠡᠯ ᠤᠨ 500 ᠠᠦ᠋ᠲ᠋ᠣ᠋ ᠨᠢᠰᠬᠡᠯ ᠤᠨ ᠪᠠᠭᠤᠳᠠᠯ ᠪᠠ ᠡᠭᠴᠡ ᠪᠠᠷ ᠨᠢᠰᠴᠦ ᠪᠠᠭᠤᠬᠤ ᠪᠠᠭᠤᠳᠠᠯ ᠪᠠᠶᠢᠭᠤᠯᠬᠤ ᠪᠠᠷ ᠲᠥᠯᠥᠪᠯᠡᠪᠡ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠢᠩᠬᠢᠮ ᠤᠨ ᠳᠡᠳ᠋ ᠳᠠᠷᠤᠭ᠎ᠠ ᠰᠢᠤᠸᠠᠨ ᠳ᠋ᠧᠩ ᠳ᠋ᠢᠶᠠᠨ᠂ ᠬᠤᠷᠳᠤᠴᠠ ᠶᠢ 120 ᠺᠢᠯᠣᠮᠧᠲᠷ ( ᠴᠠᠭ ᠪᠦᠷᠢ ) ᠬᠢᠵᠠᠭᠠᠷᠯᠠᠭᠰᠠᠨ ᠳᠡᠭᠡᠳᠤ ᠬᠤᠷᠳᠤ ᠶᠢᠨ ᠵᠠᠰᠠᠮᠠᠯ ᠵᠠᠮ 5624 ᠺᠢᠯᠣᠮᠧᠲᠷ ᠲᠤ ᠬᠦᠷᠴᠦ᠂ ᠪᠥᠬᠦ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠶᠢᠨ 71%᠎ ᠶᠢ ᠡᠵᠡᠯᠡᠪᠡ᠃ ︽ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠵᠢᠷᠤᠮᠵᠢᠯ︾᠎ ᠳᠤ ᠵᠠᠰᠠᠪᠤᠷᠢ ᠣᠷᠣᠭᠤᠯᠵᠤ᠂ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠡᠵᠡᠩᠨᠡᠯᠲᠡ ᠶᠢᠨ ᠣᠷᠣᠯᠭ᠎ᠠ 13.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.9%᠎ ᠪᠠᠷ ᠨᠡᠮᠡᠭᠳᠡᠪᠡ᠃
202411081751.jpg
     ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠬᠢᠨ ᠶᠡᠷᠦᠩᠬᠡᠶᠢᠯᠡᠭᠰᠡᠨ ᠪᠠᠷᠠᠭᠠᠨ ᠎ ᠤ ᠲᠡᠭᠡᠭᠡᠪᠦᠷᠢ ᠶᠢᠨ ᠬᠡᠮᠵᠢᠶ᠎ᠡ ᠶᠢ 18.5 ᠳ᠋ᠦᠩᠰᠢᠭᠤᠷ ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢ 4166.7 ᠳ᠋ᠦᠩᠰᠢᠭᠤᠷ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2%᠂ 1.6%᠎ ᠪᠠᠷ ᠨᠡᠮᠡᠭᠳᠡᠪᠡ᠃ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 7.3 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1%᠎ ᠪᠠᠷ ᠨᠡᠮᠡᠭᠳᠡᠪᠡ᠃ ᠪᠥᠬᠦ ᠣᠷᠣᠨ ᠎ ᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 9171.6 ᠲᠦᠮᠡᠨ ᠲᠣᠨ ᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.5%᠎ ᠪᠠᠷ ᠨᠡᠮᠡᠭᠳᠡᠪᠡ᠃ 1-10 ᠳ᠋ᠤᠭᠠᠷ ᠰᠠᠷ᠎ᠠ ᠳᠤ᠂ ᠪᠥᠬᠦ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠶᠯ ᠳᠤ 440.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠬᠠᠷᠠᠯᠲᠠ ᠪᠠᠨ 89.8%᠎ ᠪᠠᠷ ᠪᠡᠶᠡᠯᠡᠭᠦᠯᠪᠡ ᠭᠡᠵᠡᠢ᠃                                                ᠪᠧᠨ ᠲᠧᠩ ᠬᠠᠮ ᠵᠠᠭᠤᠴᠢᠯᠠᠭᠤᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号