︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠬᠡᠷᠡᠯ ᠵᠢᠷᠤᠭ ᠤᠨ ᠦᠵᠡᠰᠬᠦᠯᠡᠩ — ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠵᠠᠮ
ᠨᠡᠶᠢᠲᠡᠯᠡᠭᠰᠡᠨ ᠴᠠᠭ᠄
2024/12/11
    — ᠵᠠᠰᠠᠮᠠᠯ ᠵᠠᠮ —      ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ    ᠠᠷᠪᠠᠨ ᠵᠢᠯ ᠤᠨ ᠤᠢ ᠶᠢᠨ ᠬᠡᠷᠡᠯ ᠵᠢᠷᠤᠭ ᠤᠨ ᠦᠵᠡᠰᠬᠦᠯᠡᠩ       ᠨᠠᠶᠢᠷᠠᠭᠤᠯᠤᠭᠴᠢ ᠶᠢᠨ ᠦᠭᠡ᠄ 11 ᠳ᠋ᠦ᠋ᠭᠡᠷ ᠰᠠᠷ᠎ᠠ ᠶᠢᠨ 29 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠭᠠᠴᠠᠭ᠎ᠠ ᠳᠤ ᠣᠴᠢᠬᠤ ᠵᠠᠮ ᠢ ᠪᠢᠳᠡ ᠢᠩᠭᠢᠵᠦ ᠶᠠᠪᠤᠨ᠎ᠠ︾ —ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠠᠷᠪᠠᠨ ᠵᠢᠯ ᠤᠨ ᠣᠶ ᠶᠢᠨ ᠬᠡᠷᠡᠯ ᠵᠢᠷᠤᠭ ᠤᠨ ᠦᠵᠡᠰᠬᠦᠯᠡᠩ ᠢ ᠡᠷᠭᠢᠯᠡᠪᠡ᠃           ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠨᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠲᠠᠷᠢᠶᠠᠴᠢᠳ ᠤᠨ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ ᠦᠷ᠎ᠡ ᠪᠦᠲᠦᠮᠵᠢ ᠶᠢ ᠨᠡᠩ ᠶᠡᠭᠡ ᠬᠡᠪᠴᠢᠶ᠎ᠡ᠂ ᠨᠡᠩ ᠥᠷᠭᠡᠨ ᠳᠡᠯᠭᠡᠷ ᠢᠶᠠᠷ ᠢᠯᠡᠷᠡᠭᠦᠯᠬᠦ ᠶᠢᠨ ᠲᠥᠯᠥᠭᠡ᠂ ᠲᠤᠰ ᠡᠳᠦᠷ  ᠠᠴᠠ ᠡᠬᠢᠯᠡᠨ ᠬᠤᠯᠪᠣᠭᠳᠠᠯ ᠪᠦᠬᠦᠢ ᠪᠦᠲᠦᠭᠡᠯ ᠢ ᠪᠦᠯᠦᠭ ᠬᠤᠪᠢᠶᠠᠨ ᠨᠡᠶᠢᠲᠡᠯᠡᠵᠦ᠂ ᠭᠡᠷᠡᠯ ᠪᠠ ᠰᠡᠭᠦᠳᠡᠷ ᠤᠨ ᠬᠠᠮᠲᠤᠷᠠᠯ ᠢᠶᠠᠷ ᠳᠠᠮᠵᠢᠭᠤᠯᠤᠨ᠂ ᠲᠠᠨ ᠲᠠᠢ ᠤᠮᠠᠷᠠᠲᠤ ᠬᠢᠯᠢ ᠶᠢᠨ ᠡᠬᠡ ᠭᠠᠵᠠᠷ ᠤᠨ ᠵᠠᠮ ᠳᠠᠭᠠᠤ ᠬᠥᠭᠵᠢᠨ ᠮᠠᠨᠳᠤᠵᠤ᠂ ᠵᠠᠮ ᠳᠠᠭᠠᠤ ᠪᠠᠶᠠᠵᠢᠨ ᠴᠢᠨᠡᠭᠡᠯᠢᠭᠵᠢᠵᠦ᠂ ᠵᠠᠮ ᠳᠠᠭᠠᠤ ᠭᠤᠶᠤ ᠰᠠᠶᠢᠬᠠᠨ ᠪᠣᠯᠤᠭᠰᠠᠨ ᠦᠯᠢᠭᠡᠷ ᠢ ᠬᠠᠮᠲᠤ  ᠪᠠᠷ ᠡᠳ᠋ᠯᠡᠵᠦ᠂ ᠵᠠᠮ ᠬᠠᠷᠢᠯᠴᠠᠭᠠᠨ ᠤ ᠠᠵᠢᠯᠲᠠᠨ ᠤ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠨ᠎ᠡ᠃
           1211.jpg
     2019 ᠣᠨ ᠤ 3 ᠰᠠᠷ᠎ᠠ ᠶᠢᠨ 5 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ  ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ  ᠢᠶᠠᠨ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠨᠡ ᠬᠤᠭᠤᠴᠠᠭᠠᠨ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠦᠩᠯᠢᠶᠣᠤ ᠬᠤᠳᠠ ᠶᠢᠨ ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ᠡᠦ ᠶᠦᠨ ᠪᠥᠸᠧ ᠶᠡᠷᠦᠩᠬᠡᠢ ᠱᠦᠵᠢ ᠳᠤ ᠨᠤᠲᠤᠭ ᠤᠨ ᠢᠶᠠᠨ ᠠᠷᠠᠳ ᠲᠦᠮᠡᠨ ᠤ ᠤᠷᠢᠯᠭ᠎ᠠ ᠶᠢ ᠳᠠᠮᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ᠄ ︽ᠭᠠᠴᠠᠭ᠎ᠠ ᠳᠤ ᠣᠴᠢᠬᠤ ᠳᠤ᠂ ᠶᠠᠭᠠᠬᠢᠵᠤ ᠶᠠᠪᠤᠬᠤ        ᠪᠤᠢ︖︾ ᠭᠡᠵᠦ ᠳᠣᠲᠣᠨᠣ ᠪᠠᠷ ᠠᠰᠠᠭᠤᠪᠠ᠃      ᠠᠷᠪᠠᠨ ᠵᠢᠯ ᠤᠨ ᠲᠤᠷᠰᠢ᠂ ᠥᠪᠥᠷ ᠮᠣᠩᠭᠤᠯ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠨ᠂            ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠢᠶᠠᠨ ᠤ ᠵᠠᠮ ᠬᠤᠲᠠ ᠬᠥᠳᠡᠭᠡ ᠳᠤ ᠨᠡᠪᠲᠡᠷᠡᠵᠦ᠂ ᠬᠥᠳᠡᠭᠡ ᠶᠢᠨ ᠵᠠᠮ ᠨᠠᠭᠠᠰᠢ ᠴᠠᠭᠠᠰᠢ ᠰᠦᠯᠵᠢᠯᠳᠦᠨ᠂ ᠲᠣᠰᠬᠤᠨ ᠤ ᠵᠠᠮ ᠬᠥᠨᠳᠡᠯᠡᠨ ᠭᠤᠯᠳᠤ ᠦᠭᠡᠢ᠂ ᠨᠢᠭᠡ ᠬᠠᠭᠤᠳᠠᠰᠤ ︽ᠭᠠᠳᠠᠭᠠᠳᠤ ᠲᠠᠢ ᠨᠡᠪᠲᠡᠷᠡᠨ ᠳᠣᠲᠣᠭᠠᠳᠤ ᠪᠠᠨ ᠬᠤᠯᠪᠣᠵᠤ᠂ ᠰᠢᠶᠠᠩ ᠲᠣᠰᠬᠤᠨ ᠳᠤ ᠨᠡᠪᠲᠡᠷᠡᠬᠦ︾ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠲᠣᠤᠷ᠂ ᠬᠤᠪᠢᠯᠭᠠᠨ ᠣᠩᠭᠤᠴᠠᠨ ᠵᠠᠮ᠂ ᠡᠯᠡᠰᠦ ᠶᠢ ᠲᠤᠭᠤᠯᠤᠭᠰᠠᠨ ᠵᠠᠮ᠂ ᠬᠢᠯᠢ ᠬᠦᠷᠬᠦ ᠵᠠᠮ ᠵᠡᠷᠭᠡ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠵᠠᠰᠠᠮᠠᠯ ᠵᠠᠮ ᠴᠤ ᠤᠮᠠᠷᠠᠲᠤ ᠬᠢᠯᠢ ᠶᠢᠨ ᠡᠬᠡ ᠭᠠᠵᠠᠷ ᠲᠤ ᠳᠡᠯᠭᠡᠭᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠤᠯᠭᠠᠭᠤᠷᠢᠯᠠᠯ ᠪᠠᠲᠤᠯᠠᠭ᠎ᠠ ᠬᠠᠩᠭᠠᠪᠠ᠃
1211-1.jpg
     ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠶᠢᠨ ᠪᠤᠯᠠᠭ ᠤᠨ ᠰᠤᠮᠤᠨ ᠤ ᠬᠥᠳᠡᠭᠡ ᠲᠣᠰᠬᠤᠨ ᠤ ᠵᠠᠰᠠᠮᠠᠯ ᠵᠠᠮ
1211-2.jpg
     ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ
1211-3.jpg
     ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠵᠡᠭᠦᠨ ᠰᠠᠯᠠᠭ᠎ᠠ ᠭᠠᠴᠠᠭᠠᠨ ᠤ ᠬᠥᠳᠡᠭᠡ ᠲᠣᠰᠬᠤᠨ ᠤ ᠵᠠᠰᠠᠮᠠᠯ ᠵᠠᠮ 
1211-4.jpg
     ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ X186 ᠱᠤᠭᠤᠮ ᠨᠢ ᠮᠠ ᠠᠨ ᠱᠠᠨ ᠣᠶ ᠰᠢᠭᠤᠶ  ᠶᠢᠨ ᠲᠠᠯᠠᠪᠠᠶ ᠪᠣᠯᠤᠨ ᠰᠠᠶᠢᠬᠠᠨ ᠳᠠᠪᠠᠭ᠎ᠠ ᠣᠶ ᠰᠢᠭᠤᠶ ᠶᠢᠨ ᠲᠠᠯᠠᠪᠠᠶ ᠶᠢ ᠵᠠᠯᠭᠠᠯᠳᠤᠵᠤ ᠪᠠᠶᠢᠨ᠎ᠠ 
1211-5.jpg
      ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ X702 ᠯᠢᠨᠾᠧ ᠠᠴᠠ ᠬᠠᠷ᠎ᠠ ᠬᠤᠯᠤ ᠬᠦᠷᠬᠦ ᠱᠤᠭᠤᠮ  ᠤᠨ ᠯᠢᠨᠾᠧ ᠬᠡᠰᠡᠭ  ︵ᠯᠢᠨᠾᠧ ᠠᠴᠠ ᠹᠧᠨ ᠽᠢ ᠳ᠋ᠢ ᠬᠦᠷᠬᠦ ᠱᠤᠭᠤᠮ︶
1211-6.jpg
      ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠷᠦᠨ ᠱᠧᠩ ᠨᠠᠭᠤᠷ ᠤᠨ ᠨᠠᠨ ᠬᠤ᠋ ᠵᠢᠭᠤᠯᠴᠢᠯᠠᠯ ᠤᠨ ᠵᠠᠮ
1211-7.jpg
      ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠪᠣᠷᠣᠬᠤᠲᠠ ᠠᠴᠠ ᠪᠠᠶᠠᠨᠲᠣᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠮ
1211-8.jpg
      ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠬᠢᠯᠢ ᠬᠦᠷᠬᠦ ᠵᠠᠰᠠᠮᠠᠯ ᠵᠠᠮ
1211-9.jpg
     ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠤᠪᠢᠯᠭᠠᠨ ᠣᠩᠭᠤᠴᠠᠨ ᠵᠠᠮ 
1211-10.jpg
       ᠬᠥᠯᠥᠨ ᠪᠤᠶᠢᠷ ᠬᠤᠳᠠ ᠶᠢᠨ ᠡᠷᠭᠦᠨ᠎ᠡ ᠶᠢᠨ ᠬᠥᠳᠡᠭᠡ ᠲᠣᠰᠬᠤᠨ ᠤ ᠵᠠᠰᠠᠮᠠᠯ ᠵᠠᠮ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号