ᠵᠠᠮ ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡᠨ ᠤ ᠡᠵᠡᠨ ᠨᠠᠶᠢᠵᠠ ᠨᠠᠷ᠄ | | ᠰᠠᠶᠢᠨ ᠪᠠᠶᠢᠵᠠᠭᠠᠨ᠎ᠠ ᠤᠤ︕ ᠡᠨᠧᠷᠭᠢ ᠶᠢᠨ ᠬᠤᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ | ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢ ᠲᠦᠷᠭᠡᠳᠬᠡᠬᠦ ᠶᠢᠨ | ᠲᠥᠯᠥᠭᠡ᠂ ᠤᠯᠤᠰ ᠠᠴᠠ ᠤᠷᠢᠳᠴᠢᠯᠠᠨ ᠬᠡᠷᠡᠭᠯᠡᠭᠡᠨ ᠠᠴᠠ ᠭᠠᠷᠭᠠᠭᠰᠠᠨ ᠤᠯᠤᠰ ᠤᠨ ᠭᠤᠷᠪᠠᠳᠤᠭᠠᠷ ᠱᠠᠲᠤᠨ ᠤ | ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠪᠣᠬᠢᠷᠲᠤᠯ | ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠡᠵᠡᠩᠨᠡᠯᠲᠡ ᠶᠢᠨ ᠪᠠᠷᠠᠭᠠᠨ ᠤ ᠲᠡᠷᠭᠡᠨ ᠳᠤ ᠵᠣᠬᠢᠬᠤ ᠨᠥᠬᠦᠪᠥᠷᠢ | ᠥᠭᠭᠦᠨ᠎ᠡ᠃ ᠬᠡᠷᠪᠡ ᠲᠠ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ | ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠪᠣᠬᠢᠷᠲᠤᠯ ᠪᠣᠳᠠᠰ ᠭᠠᠳᠠᠭᠰᠢᠯᠠᠭᠤᠯᠬᠤ | ᠪᠠᠷᠢᠮᠵᠢᠶ᠎ᠠ ᠲᠠᠢ ᠡᠵᠡᠩᠨᠡᠯᠲᠡ ᠶᠢᠨ ᠪᠠᠷᠠᠭᠠᠨ ᠤ ᠲᠡᠷᠭᠡ ᠲᠠᠢ ᠪᠥᠭᠡᠳ ᠤᠷᠢᠳᠴᠢᠯᠠᠨ ᠬᠡᠷᠡᠭᠯᠡᠭᠡᠨ ᠠᠴᠠ ᠭᠠᠷᠭᠠᠵᠤ | ᠰᠢᠨᠡᠳᠬᠡᠬᠦ ᠰᠠᠨᠠᠭ᠎ᠠ ᠲᠠᠢ ᠪᠣᠯ᠂ ᠤᠷᠢᠳᠴᠢᠯᠠᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠪᠡᠯᠡᠳᠬᠡᠵᠦ᠂ ᠬᠠᠷᠢᠶ᠎ᠠ ᠭᠠᠵᠠᠷ | ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠨᠥᠬᠦᠪᠥᠷᠢ ᠠᠪᠬᠤ ᠪᠠᠷ ᠭᠤᠶᠤᠴᠢᠯᠠᠭᠠᠷᠠᠶ᠃ ᠣᠯᠠᠨ | ᠳᠤ ᠨᠠᠩ ᠰᠠᠶᠢᠨ ᠦᠶᠯᠡᠴᠢᠯᠡᠬᠦ ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ | ᠳᠣᠤᠷᠠᠬᠢ ᠮᠡᠲᠦ ᠰᠠᠨᠠᠭᠤᠯᠤᠮᠵᠢ ᠭᠠᠷᠭᠠᠪᠠ᠄ | ᠨᠢᠭᠡ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠴᠠᠭ ᠢ ᠡᠷᠬᠡᠪᠰᠢ ᠣᠨᠣᠪᠴᠢᠲᠠᠢ ᠡᠵᠡᠮᠳᠡᠨ᠎ᠡ᠃ | ᠬᠡᠷᠡᠭᠯᠡᠭᠡᠨ ᠠᠴᠠ ᠭᠠᠷᠭᠠᠭᠰᠠᠨ ᠪᠠᠷᠠᠭᠠᠨ ᠤ ᠲᠡᠷᠭᠡ ᠶᠢᠨ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠦ ᠲᠡᠷᠭᠡ ᠶᠢ | ᠪᠤᠴᠠᠭᠠᠨ ᠬᠤᠷᠢᠶᠠᠭᠰᠠᠨ ᠭᠡᠷᠡᠴᠢ︾᠂ ︽ᠮᠠᠰᠢᠨᠲᠦ ᠲᠡᠷᠭᠡ ᠶᠢ ᠬᠦᠴᠦᠨ ᠥᠬᠡᠶ ᠪᠣᠯᠭᠠᠭᠰᠠᠨ ᠭᠡᠷᠡᠴᠢ︾ ᠶᠢᠨ | ᠡᠳᠦᠷ ᠬᠤᠭᠤᠴᠠᠭ᠎ᠠ᠂ ︽ᠵᠠᠮ ᠲᠡᠭᠡᠭᠡᠪᠦᠷᠢ ᠶᠢᠨ ᠦᠨᠡᠮᠯᠡᠯ︾ ︵ᠪᠤᠶᠤ ︽ᠵᠠᠮ ᠲᠡᠭᠡᠭᠡᠪᠦᠷᠢ ᠶᠢᠨ ᠦᠨᠡᠮᠯᠡᠯ︾ ᠢᠶᠠᠨ | ᠬᠦᠴᠦᠨ ᠥᠬᠡᠶ ᠪᠣᠯᠭᠠᠭᠰᠠᠨ ᠭᠡᠷᠡᠴᠢ︶᠂ ᠰᠢᠨ᠎ᠡ ᠪᠠᠷ ᠬᠤᠳᠠᠯᠳᠤᠨ ᠠᠪᠤᠭᠰᠠᠨ ᠪᠠᠷᠠᠭᠠᠨ ᠤ ᠲᠡᠷᠭᠡ ᠶᠢᠨ ︽ | ᠮᠠᠰᠢᠨᠲᠦ ᠲᠡᠷᠭᠡᠨ ᠤ ᠵᠠᠮᠨᠠᠬᠤ ᠦᠨᠡᠮᠯᠡᠯ︾ ᠢ ᠳᠡᠩᠰᠡᠯᠡᠨ ᠲᠡᠮᠳᠡᠭᠯᠡᠭᠰᠡᠨ ᠡᠳᠦᠷ ᠬᠤᠭᠤᠴᠠᠭ᠎ᠠ ᠪᠣᠯᠤᠨ ︽ᠵᠠᠮ | ᠲᠡᠭᠡᠭᠡᠪᠦᠷᠢ ᠶᠢᠨ ᠦᠨᠡᠮᠯᠡᠯ︾ ᠢ ᠣᠯᠭᠤᠭᠰᠠᠨ ᠡᠳᠦᠷ ᠬᠤᠭᠤᠴᠠᠭ᠎ᠠ ᠨᠢ ᠴᠥᠮ 2024 ᠣᠨ ᠤ 7 ᠳ᠋ᠤᠭᠠᠷ ᠰᠠᠷ᠎ᠠ | ᠶᠢᠨ 31 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠪᠠᠶᠢᠬᠤ ᠬᠡᠷᠡᠭᠲᠡᠶ᠃ | | ᠬᠤᠶᠠᠷ᠂ ᠨᠥᠬᠦᠪᠥᠷᠢ ᠶᠢᠨ ᠬᠡᠷᠡᠭᠵᠢᠭᠦᠯᠬᠦ ᠬᠡᠪᠴᠢᠶ᠎ᠡ ᠶᠢ ᠡᠷᠬᠡᠪᠰᠢ ᠲᠣᠳᠣᠷᠬᠠᠶ ᠮᠡᠳᠡᠨ᠎ᠡ᠃ ᠬᠡᠷᠡᠭᠯᠡᠭᠡᠨ ᠠᠴᠠ | ᠭᠠᠷᠤᠭᠰᠠᠨ ᠲᠡᠷᠭᠡ ᠬᠥᠰᠬᠡ ᠨᠢ ᠡᠷᠬᠡᠪᠰᠢ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ | ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠪᠣᠬᠢᠷᠲᠤᠯ ᠪᠣᠳᠠᠰ ᠭᠠᠳᠠᠭᠰᠢᠯᠠᠭᠤᠯᠬᠤ | ᠪᠠᠷᠢᠮᠵᠢᠶ᠎ᠠ ᠶᠢᠨ ᠳᠤᠮᠳᠠ ᠬᠦᠨᠳᠦ ᠬᠡᠯᠪᠡᠷᠢ ᠶᠢᠨ ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ ᠤ ᠲᠡᠷᠭᠡ ᠪᠠᠶᠢᠵᠤ᠂ | ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠨᠢ ᠡᠷᠬᠡᠪᠰᠢ ᠳᠤᠮᠳᠠ ᠬᠦᠨᠳᠦ ᠬᠡᠯᠪᠡᠷᠢ ᠶᠢᠨ ᠤᠯᠤᠰ ᠤᠨ | ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢᠨ | ᠡᠵᠡᠩᠨᠡᠯᠲᠡ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠪᠤᠶᠤ ᠰᠢᠨ᠎ᠡ ᠡᠨᠧᠷᠭᠢ ᠶᠢᠨ ᠡᠵᠡᠩᠨᠡᠯᠲᠡ ᠶᠢᠨ | ᠪᠠᠷᠠᠭᠠᠨ ᠤ ᠲᠡᠷᠭᠡ ᠪᠠᠶᠢᠬᠤ ᠬᠡᠷᠡᠭᠲᠡᠶ᠃ ᠬᠠᠭᠤᠴᠢᠷᠠᠭᠰᠠᠨ ᠲᠡᠷᠭᠡ ᠶᠢ ᠬᠡᠷᠡᠭᠯᠡᠭᠡᠨ ᠠᠴᠠ ᠭᠠᠷᠭᠠᠬᠤ᠂ ᠬᠡᠷᠡᠭᠯᠡᠭᠡᠨ | ᠠᠴᠠ ᠭᠠᠷᠭᠠᠬᠤ ᠶᠢᠨ ᠬᠠᠮᠲᠤ ᠰᠢᠨ᠎ᠡ ᠲᠡᠷᠭᠡ ᠬᠤᠳᠠᠯᠳᠤᠨ ᠠᠪᠬᠤ᠂ ᠰᠢᠨ᠎ᠡ ᠪᠠᠷ ᠬᠤᠳᠠᠯᠳᠤᠨ ᠠᠪᠤᠭᠰᠠᠨ ᠰᠢᠨ᠎ᠡ | ᠡᠨᠧᠷᠭᠢ ᠶᠢᠨ ᠬᠤᠲᠠ ᠶᠢᠨ ᠬᠦᠶᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭᠠᠨ ᠤ ᠲᠡᠷᠭᠡ ᠴᠥᠮ ᠨᠥᠬᠦᠪᠥᠷᠢ | ᠭᠥᠷᠳᠡᠵᠦ ᠪᠣᠯᠤᠨ᠎ᠠ᠃ | ᠭᠤᠷᠪᠠ᠂ ᠨᠥᠬᠦᠪᠥᠷᠢ ᠭᠤᠶᠤᠴᠢᠯᠠᠨ ᠠᠪᠬᠤ ᠠᠷᠭ᠎ᠠ ᠵᠠᠮ ᠢ ᠡᠷᠬᠡᠪᠰᠢ ᠠᠩᠬᠠᠷᠤᠨ᠎ᠠ᠃ ᠮᠠᠨ ᠤ ᠣᠷᠣᠨ | ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ ᠬᠤᠶᠠᠷ ᠭᠦᠶᠴᠡᠳᠬᠡᠬᠦ ᠠᠷᠭ᠎ᠠ ᠵᠠᠮ ᠢ ᠨᠡᠪᠲᠡᠷᠡᠭᠦᠯᠵᠦ᠂ | ᠭᠤᠶᠤᠴᠢᠯᠠᠨ ᠠᠪᠤᠭᠴᠢ ᠸᠢᠴᠠᠲ ᠢᠶᠠᠷ ᠳᠠᠮᠵᠢᠭᠤᠯᠤᠨ ︽ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ︾ ᠤᠨ ᠣᠯᠠᠨ ᠨᠡᠶᠢᠲᠡ ᠶᠢᠨ ᠳ᠋ᠤᠭᠠᠷ ᠢ ᠬᠠᠶᠢᠵᠤ ᠠᠩᠬᠠᠷᠤᠨ᠂ ︽ᠣᠯᠠᠨ ᠨᠡᠶᠢᠲᠡ ᠶᠢᠨ ᠦᠶᠯᠡᠴᠢᠯᠡᠭᠡ︾ | ᠶᠢ ᠲᠣᠪᠴᠢᠳᠠᠵᠤ᠂ ︽ ᠪᠠᠷᠠᠭᠠᠨ ᠤ ᠲᠡᠷᠭᠡ ᠶᠢᠨ ᠨᠥᠬᠦᠪᠥᠷᠢ ᠶᠢ ᠭᠤᠶᠤᠴᠢᠯᠠᠨ ᠠᠪᠬᠤ︾ ᠪᠤᠯᠤᠩ ᠢ ᠰᠤᠩᠭᠤᠵᠤ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ ᠤ ᠲᠡᠷᠭᠡ | ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢ ᠭᠤᠶᠤᠴᠢᠯᠠᠨ ᠠᠪᠬᠤ ᠲᠠᠪᠴᠠᠩ︾ ᠳᠤ ᠣᠷᠣᠵᠤ | ᠭᠦᠢᠴᠡᠳᠬᠡᠨ᠎ᠡ᠃ ᠰᠦᠯᠵᠢᠶᠡᠨ ᠭᠠᠳᠠᠨ᠎ᠠ ᠴᠠᠭᠠᠰᠤᠨ ᠮᠠᠲ᠋ᠧᠷᠢᠶᠠᠯ ᠢᠶᠠᠨ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠲᠤᠰᠢᠶᠠᠵᠤ ᠭᠦᠢᠴᠡᠳᠬᠡᠵᠦ ᠪᠣᠯᠤᠨ᠎ᠠ᠃ | ᠨᠥᠬᠦᠪᠥᠷᠢ ᠶᠢᠨ ᠪᠠᠷᠢᠮᠵᠢᠶ᠎ᠠ ᠪᠠ ᠬᠦᠯᠢᠶᠡᠨ ᠠᠪᠴᠤ ᠰᠢᠶᠳᠪᠦᠷᠢᠯᠡᠬᠦ ᠶᠠᠪᠤᠴᠠ ᠵᠢᠴᠢ ᠪᠤᠰᠤᠳ ᠶᠠᠮᠠᠷᠪᠠ | ᠠᠰᠠᠭᠤᠳᠠᠯ ᠢ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠯᠠᠪᠯᠠᠨ ᠠᠰᠠᠭᠤᠭᠠᠷᠠᠶ᠃ | ᠬᠦᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0471 - 2212016 | ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ 0472 - | 5999320 | ᠬᠥᠯᠥᠨ ᠪᠣᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ | 0470 - 8558956 | ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ 0482 - | 8250671 | ᠲᠦᠩᠯᠢᠶᠣᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0475 - 8255123 | ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0476 - 5890610 | ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0479 - 8226599 | ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0474 - 8981987 | ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0477 - 8586817 | ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0478 - 8788451 | ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0473 - 2052032 | ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0483 - 8332886 | ᠡᠷᠢᠶᠡᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0479 - 7527114 | ᠮᠠᠨᠵᠤᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0470 - 6264492 | ᠥᠷᠭᠡᠨ ᠣᠯᠠᠨ ᠪᠠᠷᠠᠭ᠎ᠠ ᠲᠡᠭᠡᠭᠡᠪᠦᠷᠢ ᠶᠢᠨ ᠠᠵᠢᠯ ᠡᠷᠭᠢᠯᠡᠭᠰᠡᠳ ᠢᠳᠡᠪᠬᠢᠲᠡᠶ ᠪᠠᠷ ᠠᠰᠠᠭᠤᠨ ᠯᠠᠪᠯᠠᠵᠤ᠂ | ᠥᠷᠭᠡᠨ ᠢᠶᠠᠷ ᠤᠬᠠᠭᠤᠯᠤᠨ᠂ ᠰᠠᠨᠠᠭ᠎ᠠ ᠲᠠᠢ ᠪᠣᠯ ᠭᠤᠶᠤᠴᠢᠯᠠᠯ ᠤᠨ ᠮᠠᠲ᠋ᠧᠷᠢᠶᠠᠯ ᠢᠶᠠᠨ ᠳᠠᠷᠤᠶᠢᠬᠠᠨ ᠲᠤᠰᠢᠶᠠᠵᠤ᠂ | ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ | ᠤᠳ ᠴᠦ ᠮᠠᠲ᠋ᠧᠷᠢᠶᠠᠯ ᠢ ᠢᠳᠡᠪᠬᠢᠲᠡᠶ ᠪᠠᠷ ᠬᠢᠨᠠᠨ ᠬᠠᠷᠭᠤᠭᠤᠯᠵᠤ᠂ ᠪᠡᠯᠡ ᠮᠥᠩᠭᠦ ᠰᠢᠯᠵᠢᠭᠦᠯᠦᠨ ᠥᠭᠬᠦ ᠴᠤᠪᠤᠷᠠᠯ | ᠢᠶᠠᠨ ᠰᠢᠯᠢᠳᠡᠭᠵᠢᠭᠦᠯᠦᠨ᠂ ᠨᠥᠬᠦᠪᠥᠷᠢ ᠪᠡᠯᠡ ᠮᠥᠩᠭᠦ ᠶᠢ ᠳᠠᠷᠤᠶᠢᠬᠠᠨ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ | ᠤ ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠨ ᠰᠢᠨᠡᠳᠬᠡᠬᠦ ᠶᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠠᠷᠠᠭᠠᠨ ᠤ ᠲᠡᠷᠭᠡ ᠶᠢᠨ ᠨᠡᠩ ᠣᠯᠠᠨ ᠠᠵᠢᠯᠯᠠᠭᠰᠠᠳ ᠲᠤ ᠲᠥᠷᠥ | ᠶᠢᠨ ᠪᠣᠳᠣᠯᠭ᠎ᠠ ᠶᠢᠨ ᠠᠰᠠᠷᠠᠮᠵᠢ ᠶᠢ ᠬᠦᠷᠲᠡᠭᠡᠨ᠎ᠡ᠃ | | ᠬᠠᠩᠭᠠᠭᠰᠠᠨ ᠨᠢ᠄ ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ |