︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠬᠡᠷᠡᠯ ᠵᠢᠷᠤᠭ ᠤᠨ ᠦᠵᠡᠰᠬᠦᠯᠡᠩ — ᠪᠠᠶᠠᠵᠢᠯ ᠤᠨ ᠵᠠᠮ ᠢ ᠦᠷᠭᠡᠳᠭᠡᠨᠡᠮ
ᠨᠡᠶᠢᠲᠡᠯᠡᠭᠰᠡᠨ ᠴᠠᠭ᠄
2024/12/13
     — ᠵᠠᠰᠠᠮᠠᠯ ᠵᠠᠮ —       ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠠᠷᠪᠠᠨ ᠵᠢᠯ ᠤᠨ       ᠣᠶ ᠶᠢᠨ ᠬᠡᠷᠡᠯ ᠵᠢᠷᠤᠭ ᠤᠨ ᠦᠵᠡᠰᠬᠦᠯᠡᠩ        2014 ᠣᠨ ᠤ 3 ᠳ᠋ᠤᠭᠠᠷ ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠴᠢᠬᠤᠯᠠ ᠵᠢᠭᠠᠪᠤᠷᠢ ᠶᠢ ᠥᠭᠴᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠠᠰᠠᠮᠠᠯ ᠵᠠᠮ ᠢ ᠴᠢᠨᠠᠭᠰᠢᠳᠠ ᠰᠠᠶᠢᠲᠤᠷ ᠪᠦᠳᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠠᠷᠠᠴᠢᠯᠠᠨ ᠬᠠᠮᠠᠭᠠᠯᠠᠵᠤ᠂ ᠰᠠᠶᠢᠲᠤᠷ ᠡᠵᠡᠩᠨᠡᠵᠦ᠂ ᠬᠥᠳᠡᠭᠡ ᠲᠣᠰᠬᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠪᠣᠭᠤᠮᠢ ᠶᠢ ᠠᠯᠬᠤᠮ ᠠᠯᠬᠤᠮ ᠢᠶᠠᠷ ᠠᠷᠢᠯᠭᠠᠵᠤ᠂ ᠥᠷᠭᠡᠨ ᠤᠯᠠᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠳᠤ ᠨᠡᠩ ᠰᠠᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ 
    1213-0.png
      ᠳᠡᠪᠢᠰᠦᠭᠰᠡᠨ ᠨᠢ ᠵᠠᠮ᠂ ᠬᠤᠯᠪᠣᠭᠰᠠᠨ ᠨᠢ ᠰᠡᠳᠬᠢᠯ᠂ ᠨᠡᠪᠲᠡᠷᠡᠭᠦᠯᠦᠭᠰᠡᠨ ᠨᠢ ᠴᠢᠨᠡᠭᠡᠯᠢᠭᠵᠢᠯ ᠪᠣᠯᠣᠨ᠎ᠠ᠃ ᠠᠷᠪᠠᠨ ᠵᠢᠯ ᠤᠨ ᠲᠤᠷᠰᠢ᠂ ᠥᠪᠥᠷ ᠮᠣᠩᠭᠤᠯ ᠤᠨ ᠬᠢᠨ ᠬᠥᠳᠡᠭᠡ ᠲᠣᠰᠬᠤᠨ ᠤ ᠵᠠᠰᠠᠮᠠᠯ ᠵᠠᠮ ᠪᠣᠯᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠥᠯᠥᠪᠵᠢᠭᠦᠯᠭᠡ ᠶᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠯ᠂ ᠠᠵᠤ ᠦᠶᠯᠡᠰ ᠤᠨ ᠲᠥᠯᠥᠪᠵᠢᠭᠦᠯᠭᠡ ᠲᠠᠢ ᠬᠠᠷᠢᠯᠴᠠᠨ ᠵᠣᠯᠭᠠᠭᠤᠯᠵᠤ᠂ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ ᠦᠶᠯᠡᠰ ᠤᠨ ᠵᠠᠮ ᠢ 5500 ᠺᠢᠯᠣᠮᠧᠲᠷ ᠪᠥᠲᠥᠭᠡᠨ ᠪᠠᠶᠢᠭᠤᠯᠬᠤ ᠶᠢᠨ ᠬᠠᠮᠲᠤ ᠬᠥᠳᠡᠭᠡ ᠲᠣᠰᠬᠤᠨ ᠤ ᠵᠠᠰᠠᠮᠠᠯ ᠵᠠᠮ ᠪᠣᠯᠤᠨ ᠵᠠᠮ ᠳᠠᠭᠠᠤ ᠶᠢᠨ ᠲᠥᠬᠦᠷ ᠪᠡᠯᠡᠳᠬᠡᠮᠵᠢ᠂ ᠠᠵᠤ ᠦᠶᠯᠡᠰ ᠤᠨ ᠬᠦᠷᠢᠶᠡᠯᠡᠩ ᠲᠣᠭᠤᠷᠢᠭ᠂ ᠤᠯᠠᠮᠵᠢᠯᠠᠯᠲᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠬᠤᠷᠠᠮᠠᠯ ᠬᠥᠭᠵᠢᠯᠲᠡ ᠶᠢ ᠨᠥᠯᠥᠭᠡᠯᠡᠨ ᠳᠠᠶᠢᠴᠢᠯᠠᠵᠤ᠂ ᠨᠢᠭᠡ ᠪᠦᠯᠦᠭ ᠣᠨᠴᠠᠯᠢᠭᠲᠤ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠠᠵᠢᠯ ᠣᠯᠭᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠴᠣᠯᠭᠤᠷᠠᠨ ᠭᠠᠷᠴᠠᠶ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠨᠢ ᠨᠢᠭᠡᠨᠲᠡ ᠬᠥᠳᠡᠭᠡ ᠲᠣᠰᠬᠤᠨ ᠤ ᠴᠢᠨᠡᠭᠡᠯᠢᠭᠵᠢᠯ ᠢ ᠪᠡᠶᠡᠯᠡᠭᠦᠯᠵᠦ᠂ ᠪᠠᠶᠠᠵᠢᠬᠤ ᠲᠡᠶᠢᠰᠢ ᠤᠷᠤᠭᠰᠢᠯᠠᠬᠤ ᠶᠢᠨ ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃
1213-1.jpg
     ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠠᠩᠰᠤ ᠠᠴᠠ ᠪᠣᠷᠣ ᠪᠠᠯᠭᠠᠰᠤ ᠬᠥᠷᠬᠦ ᠬᠤᠪᠢᠰᠬᠠᠯᠲᠤ ᠵᠢᠭᠤᠯᠴᠢᠯᠠᠯ ᠤᠨ ᠵᠠᠰᠠᠮᠠᠯ ᠵᠠᠮ
1213-2.jpg
     ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠵᠢᠭᠤᠯᠴᠢᠯᠠᠯ ᠤᠨ ᠵᠠᠰᠠᠮᠠᠯ ᠵᠠᠮ 
1213-3.jpg
      ᠣᠷᠳᠣᠰ ᠬᠤᠲᠠ ᠶᠢᠨ ᠣᠲᠤᠭ ᠬᠤᠰᠢᠭᠤᠨ ᠤ X609 ᠱᠤᠭᠤᠮ ᠤᠨ ᠴᠠᠪ ᠠᠴᠠ ᠲᠣᠤ ᠯᠡ ᠬᠥᠷᠬᠦ ᠵᠢᠭᠤᠯᠴᠢᠯᠠᠯ ᠤᠨ ᠵᠠᠰᠠᠮᠠᠯ ᠵᠠᠮ
1213-4.jpg
     ᠬᠥᠬᠡᠬᠤᠲᠠ ᠶᠢᠨ ᠴᠢᠩ ᠱᠦᠶ ᠾᠧ ᠰᠢᠶᠠᠨ ᠤ Y712 ᠱᠤᠭᠤᠮ ᠤᠨ ᠹᠧᠩ ᠵᠢᠶᠠ ᠲᠠ ᠠᠴᠠ ᠯᠣᠤ ᠨᠢᠦ ᠸᠠᠨ ᠬᠥᠷᠬᠦ ᠵᠢᠭᠤᠯᠴᠢᠯᠠᠯ ᠤᠨ ᠵᠠᠰᠠᠮᠠᠯ ᠵᠠᠮ
1213-5.jpg
     ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠶᠢᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠵᠠᠰᠠᠮᠠᠯ ᠵᠠᠮ
1213-6.jpg
    ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠮᠤᠷᠤᠶ ᠶᠢᠨ ᠰᠦᠮ᠎ᠡ ᠶᠢᠨ ᠵᠢᠭᠤᠯᠴᠢᠯᠠᠯ ᠤᠨ ᠵᠠᠰᠠᠮᠠᠯ ᠵᠠᠮ 
1213-7.jpg
     ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠱᠠᠨ ᠷᠦᠩ ᠠᠶᠢᠮᠠᠭ ᠤᠨ ᠦᠵᠡᠮᠵᠢ ᠶᠢᠨ ᠣᠷᠣᠨ ᠳᠤ ᠨᠡᠪᠲᠡᠷᠡᠬᠦ ᠵᠢᠭᠤᠯᠴᠢᠯᠠᠯ ᠤᠨ ᠵᠠᠰᠠᠮᠠᠯ ᠵᠠᠮ
1213-8.jpg
     ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ Y309 ᠱᠤᠭᠤᠮ ᠤᠨ ᠹᠦ᠋ ᠴᠢᠶᠠᠩ ᠲᠣᠰᠬᠤᠨ ᠤ ᠵᠢᠭᠤᠯᠴᠢᠯᠠᠯ ᠤᠨ ᠵᠠᠰᠠᠮᠠᠯ ᠵᠠᠮ
1213-9.jpg
    ᠲᠦᠩᠯᠢᠶᠣᠤ ᠬᠤᠲᠠ ᠶᠢᠨ ᠨᠠᠶᠮᠠᠨ ᠬᠤᠰᠢᠭᠤᠨ ᠤ ᠲᠠᠴᠢᠨᠲᠠᠯ᠎ᠠ ᠠᠴᠠ ᠪᠤᠭᠤᠲᠤ ᠡᠯᠡᠰᠦᠨ ᠴᠥᠯ ᠤᠨ ᠦᠵᠡᠮᠵᠢ  ᠶᠢᠨ ᠣᠷᠣᠨ ᠬᠦᠷᠬᠦ ᠵᠢᠭᠤᠯᠴᠢᠯᠠᠯ ᠤᠨ ᠵᠠᠰᠠᠮᠠᠯ ᠵᠠᠮ
1213-10.jpg
    ᠦᠬᠠᠶ ᠬᠤᠲᠠ ᠶᠢᠨ ᠭᠠᠨᠳᠠᠷᠢ ᠠᠭᠤᠯᠠ ᠶᠢᠨ ᠦᠵᠡᠮᠵᠢ ᠶᠢᠨ ᠣᠷᠣᠨ ᠤ ᠵᠠᠰᠠᠮᠠᠯ ᠵᠠᠮ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号