ᠠᠷᠠᠯᠵᠢᠶᠠᠨ ᠤ ᠲᠤᠭ᠎ᠠ 150 ᠳ᠋ᠦᠩᠰᠢᠭᠤᠷ ᠲᠥᠭᠦᠷᠢᠭ ᠲᠤ ᠬᠦᠷᠴᠡᠶ︕ ᠮᠠᠨ ᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ︽ᠭᠤᠷᠪᠠ ᠪᠣᠴᠠᠯᠲᠠ︾ ᠶᠢᠨ ᠦᠷ᠎ᠡ ᠪᠦᠲᠦᠮᠵᠢ ᠢᠯᠡᠷᠬᠡᠢ ᠪᠠᠶᠢᠨ᠎ᠠ
ᠨᠡᠶᠢᠲᠡᠯᠡᠭᠰᠡᠨ ᠴᠠᠭ᠄
2024/12/13
    ᠡᠨᠡ ᠵᠢᠯ ᠤᠨ 1—11 ᠳ᠋ᠦ᠋ᠭᠡᠷ ᠰᠠᠷ᠎ᠠ ᠳᠤ᠂ ᠮᠠᠨ ᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠨᠢᠭᠡᠨᠲᠡ ᠲᠡᠭᠡᠭᠡᠪᠦᠷᠢ ᠶᠢᠨ ᠬᠠᠭᠤᠳᠠᠰᠤ ᠶᠢ 697 ᠲᠦᠮᠡᠨ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ  ᠨᠢ 2.5 ᠳ᠋ᠦᠩᠰᠢᠭᠤᠷ ᠲᠣᠨ᠂ ᠠᠷᠠᠯᠵᠢᠶᠠᠨ ᠤ ᠲᠤᠭ᠎ᠠ ᠶᠢ 157 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 432%᠂ 455%᠂ 317% ᠪᠠᠷ ᠨᠡᠮᠡᠭᠳᠡᠪᠡ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠷᠠᠯᠵᠢᠶᠠᠨ ᠤ ᠲᠤᠭ᠎ᠠ ᠶᠢ 150 ᠳ᠋ᠦᠩᠰᠢᠭᠤᠷ ᠲᠥᠭᠦᠷᠢᠭ᠂ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 2 ᠳ᠋ᠦᠩᠰᠢᠭᠤᠷ ᠲᠣᠨ ᠤ ᠣᠨ ᠤ ᠬᠠᠷᠠᠯᠲᠠ ᠶᠢᠨ ᠡᠭᠦᠷᠭᠡ ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠵᠡᠢ᠃ 1—10 ᠳ᠋ᠤᠭᠠᠷ ᠰᠠᠷ᠎ᠠ ᠳᠤ ᠪᠥᠬᠦ ᠣᠷᠣᠨ ᠤ ᠵᠠᠮ ᠲᠡᠭᠡᠭᠡᠪᠦᠷᠢ ᠶᠢᠨ ᠦᠶᠯᠡᠰ 35.6 ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢ ᠶᠢ ᠪᠡᠶᠡᠯᠡᠭᠦᠯᠵᠦ᠂ ᠡᠭᠦᠨ ᠳᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠨᠢ 11.06 ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢ ᠶᠢ ᠪᠡᠶᠡᠯᠡᠭᠦᠯᠵᠦ᠂ ᠡᠵᠡᠯᠡᠬᠦ ᠬᠠᠷᠢᠴᠠᠯ ᠨᠢ 31% ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 278% ᠪᠠᠷ ᠨᠡᠮᠡᠭᠳᠡᠵᠦ᠂ ᠪᠥᠬᠦ ᠣᠷᠣᠨ ᠤ ᠵᠠᠮ ᠲᠡᠭᠡᠭᠡᠪᠦᠷᠢ ᠶᠢᠨ ᠦᠶᠯᠡᠰ ᠢ ᠳᠠᠶᠢᠴᠢᠯᠠᠨ ᠲᠤᠬᠠᠶᠢᠯᠠᠭᠰᠠᠨ ᠠᠵᠢᠯ ᠤᠨ ᠪᠣᠴᠠᠯᠲᠠ᠂ ᠭᠠᠶᠢᠯᠢ ᠲᠠᠲᠠᠪᠤᠷᠢ ᠶᠢᠨ ᠭᠡᠳᠡᠷᠭᠦ ᠡᠷᠭᠢᠯᠲᠡ ᠶᠢ ᠪᠡᠶᠡᠯᠡᠭᠦᠯᠪᠡ᠃
20211213-1.jpg
     ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ︽ᠮᠧᠩ ᠮᠠ ᠤᠶᠤᠨᠴᠢ ᠲᠡᠭᠡᠭᠡᠪᠦᠷᠢ︾ ᠲᠠᠪᠴᠠᠩ 2023 ᠣᠨ ᠤ 9 ᠳ᠋ᠦ᠋ᠭᠡᠷ ᠰᠠᠷ᠎ᠠ ᠳᠤ ᠠᠰᠢᠭᠯᠠᠯᠲᠠ ᠳᠤ ᠣᠷᠣᠪᠠ᠃ ᠣᠳᠣᠬᠠᠨ ᠳᠤ᠂ ᠲᠤᠬᠠᠶᠢᠯᠠᠭᠰᠠᠨ ᠠᠵᠢᠯ ᠨᠢ ᠪᠦᠬᠦ ᠣᠷᠣᠨ ᠢ ᠪᠦᠷᠬᠦᠵᠦ᠂ ᠪᠦᠬᠦ ᠤᠯᠤᠰ ᠤᠨ 30 ᠮᠤᠵᠢ ᠣᠷᠣᠨ ᠬᠤᠲᠠ ᠶᠢ ᠬᠠᠮᠤᠷᠤᠭᠰᠠᠨ ᠪᠠᠶᠢᠨ᠎ᠠ᠃      2023 ᠣᠨ ᠤ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠤᠨ ᠵᠢᠷᠦᠮᠵᠢᠭᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠠᠵᠢᠯᠯᠠᠭᠠᠨ ᠤ           ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠭᠠᠷᠭᠠᠬᠤ᠂ ᠳᠠᠭᠠᠭᠤᠯᠤᠭᠴᠢ ᠶᠢ ᠪᠤᠵᠠᠭᠠᠶᠢᠷᠠᠭᠤᠯᠬᠤ᠂ ᠲᠠᠷᠠᠬᠠᠢ ᠡᠷᠦᠬᠡ ᠶᠢ ᠲᠦᠪᠯᠡᠷᠡᠭᠦᠯᠬᠦ᠂ ᠲᠠᠪᠴᠠᠩ ᠪᠣᠶᠢᠵᠢᠭᠤᠯᠬᠤ ᠪᠠᠷ ᠭᠠᠷᠳᠠᠴᠠ ᠪᠣᠯᠭᠠᠨ᠂ ᠪᠥᠬᠦ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠦᠶᠯᠡᠳᠬᠦᠨ ᠤ ᠥᠷᠲᠡᠭ ᠤᠨ ᠰᠥᠷᠭᠡᠦ ᠨᠡᠮᠡᠭᠳᠡᠯ ᠢ ᠳᠠᠶᠢᠴᠢᠯᠠᠪᠠ᠃ ᠨᠢᠭᠡ ᠳᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠢᠯᠯᠠᠭᠠᠨ ᠤ ᠲᠥᠰᠦᠯ 2.0 ᠬᠡᠪ ᠢ ᠨᠡᠶᠢᠲᠡᠯᠡᠵᠦ᠂ ᠱᠠᠩᠨᠠᠵᠤ ᠨᠥᠬᠦᠪᠥᠷᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠂ ᠠᠵᠢᠯ ᠲᠥᠷᠥᠯ ᠤᠨ ᠵᠢᠯᠣᠭᠤᠳᠣᠯᠭ᠎ᠠ ᠶᠢ ᠴᠢᠩᠭᠠᠷᠠᠭᠤᠯᠵᠤ᠂       ︽ᠪᠣᠳᠠᠲᠤ ᠴᠣᠭᠴᠠᠵᠢᠭᠤᠯᠬᠤ︾ ᠡᠵᠡᠩᠨᠡᠯᠲᠡ ᠶᠢ ᠠᠬᠢᠭᠤᠯᠪᠠ᠃ ᠬᠤᠶᠠᠷ ᠲᠤ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ  ᠪᠤᠵᠠᠭᠠᠶᠢᠷᠠᠭᠤᠯᠵᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ︽ᠮᠧᠩ ᠮᠠ ᠤᠶᠤᠨᠴᠢ ᠲᠡᠭᠡᠭᠡᠪᠦᠷᠢ︾ ᠲᠠᠪᠴᠠᠩ 2023 ᠣᠨ ᠤ 9 ᠳ᠋ᠦ᠋ᠭᠡᠷ ᠰᠠᠷ᠎ᠠ ᠳᠤ ᠠᠰᠢᠭᠯᠠᠯᠲᠠ ᠳᠤ ᠤᠷᠤᠭᠰᠠᠨ ᠠᠴᠠ ᠨᠠᠭᠠᠰᠢ᠂ ᠨᠡᠯᠢᠶᠡᠳ ᠣᠬᠤᠷ ᠬᠤᠭᠤᠴᠠᠭᠠᠨ ᠳᠣᠲᠣᠷ᠎ᠠ ᠣᠷᠣᠨ ᠤ ᠳᠣᠲᠣᠷᠠᠬᠢ ᠪᠥᠭᠡᠮ ᠪᠠᠷᠠᠭ᠎ᠠ ᠶᠢᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠦᠳᠲᠡᠷ ᠲᠦᠷᠭᠡᠨ ᠵᠠᠪᠳᠤᠨ ᠡᠵᠡᠯᠡᠵᠦ᠂ ᠲᠤᠬᠠᠶᠢᠯᠠᠭᠰᠠᠨ ᠠᠵᠢᠯ ᠨᠢ ᠪᠦᠬᠦ ᠣᠷᠣᠨ ᠢ ᠪᠦᠷᠬᠦᠵᠦ᠂ ᠪᠥᠬᠦ ᠤᠯᠤᠰ ᠤᠨ 30 ᠮᠤᠵᠢ ᠣᠷᠣᠨ ᠬᠤᠲᠠ ᠶᠢ ᠬᠠᠮᠤᠷᠤᠨ᠂ ᠭᠠᠭᠴᠠ ᠡᠳᠦᠷ ᠤᠨ ᠠᠷᠠᠯᠵᠢᠶᠠᠨ ᠤ ᠲᠤᠭ᠎ᠠ 4000 ᠲᠦᠮᠡᠨ ᠲᠥᠭᠦᠷᠢᠭ ᠢ ᠳᠠᠪᠠᠵᠤ᠂ ᠲᠠᠪᠴᠠᠩ  ᠤᠨ 2024 ᠣᠨ ᠤ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢᠭᠡᠨᠲᠡ 1 ᠳ᠋ᠦᠩᠰᠢᠭᠤᠷ ᠲᠣᠨ ᠢ ᠳᠠᠪᠠᠵᠤ᠂ ᠠᠷᠠᠯᠵᠢᠶᠠᠨ ᠤ ᠲᠤᠭ᠎ᠠ ᠶᠢ 59.76 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰ ᠲᠣᠰ ᠪᠥᠬᠦ ᠣᠷᠣᠨ ᠤ 43% ᠪᠠ 38% ᠶᠢ ᠡᠵᠡᠯᠡᠵᠦ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ  ᠪᠠᠷ ᠬᠠᠮᠤᠭ ᠤᠨ ᠶᠡᠭᠡ᠂ ᠠᠷᠠᠯᠵᠢᠶᠠᠨ ᠤ ᠲᠤᠭ᠎ᠠ ᠬᠠᠮᠤᠭ ᠤᠨ ᠥᠨᠳᠥᠷ᠂ ᠲᠤᠬᠠᠶᠢᠯᠠᠭᠰᠠᠨ ᠠᠵᠢᠯ ᠤᠨ ᠪᠦᠷᠬᠦᠬᠦ ᠬᠡᠪᠴᠢᠶ᠎ᠡ ᠪᠠᠷ ᠬᠠᠮᠤᠭ ᠤᠨ ᠥᠷᠭᠡᠨ ᠪᠥᠭᠡᠮ ᠪᠠᠷᠠᠭ᠎ᠠ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ ᠶᠢᠨ ᠲᠠᠪᠴᠠᠩ ᠪᠣᠯᠵᠤ᠂ ᠪᠥᠬᠦ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠶᠢ ᠬᠦᠲᠦᠯᠦᠨ ᠳᠠᠭᠠᠭᠤᠯᠵᠠᠢ᠃ ᠭᠤᠷᠪᠠ ᠳᠤ᠂ ᠲᠡᠭᠡᠭᠡᠪᠦᠷᠢ ᠶᠢᠨ ᠬᠦᠴᠦᠨ ᠤ ᠳᠠᠪᠠᠭᠤᠯᠢᠭ ᠢᠶᠠᠨ ᠬᠤᠷᠠᠮᠳᠤᠭᠤᠯᠵᠤ ᠥᠪᠡᠷ ᠤᠨ ᠥᠷᠲᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠪᠥᠬᠦ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠦᠶᠯᠡᠴᠢᠯᠡᠭᠡᠨ ᠤ ᠲᠠᠪᠴᠠᠩ ᠨᠡᠶᠢᠲᠡ 118.6 ᠲᠦᠮᠡᠨ ᠨᠡᠶᠢᠭᠡᠮ ᠤᠨ ᠲᠡᠭᠡᠭᠡᠪᠦᠷᠢ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠲᠡᠭᠡᠭᠡᠪᠦᠷᠢ ᠶᠢᠨ ᠬᠦᠴᠦᠨ ᠤ ᠲᠠᠲᠠᠭᠠᠯ ᠳᠠᠬᠢ ᠵᠢᠯᠣᠭᠤᠴᠢ ᠶᠢᠨ ᠢᠳᠡᠪᠬᠢᠵᠢᠯ ᠢ ᠢᠯᠡᠳᠲᠡ ᠳᠡᠭᠡᠭᠰᠢᠯᠡᠭᠦᠯᠦᠨ᠂ ᠲᠡᠭᠡᠭᠡᠪᠦᠷᠢ ᠶᠢᠨ ᠬᠠᠭᠤᠳᠠᠰᠤ ᠶᠢᠨ ᠲᠣᠭᠲᠠᠭᠠᠯ ᠳᠤ ᠨᠡᠶᠢᠴᠡᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠳᠥᠷᠪᠡ ᠳᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ︽1 + 1 + N︾ ᠬᠥᠭᠵᠢᠯᠲᠡ  ᠶᠢᠨ ᠵᠠᠭᠪᠤᠷ ᠢ ᠪᠠᠶᠢᠭᠤᠯᠵᠤ᠂ ᠨᠢᠭᠡᠨᠲᠡ ᠬᠤᠶᠠᠷ 5A ᠲᠠᠰ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠢ ᠪᠣᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠨᠢ 37 ᠪᠠᠶᠢᠵᠤ᠂ ᠦᠶᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠨᠢ 23 ᠪᠠᠶᠢᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠤᠨ ᠦᠷ᠎ᠡ ᠳ᠋ᠦᠩ ᠨᠢ ᠢᠯᠡᠷᠬᠡᠢ ᠪᠠᠶᠢᠳᠠᠭ᠃           ᠡᠬᠡ ᠪᠢᠴᠢᠭ᠄ ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号