— ᠵᠠᠰᠠᠮᠠᠯ ᠵᠠᠮ — | ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠠᠷᠪᠠᠨ ᠵᠢᠯ ᠤᠨ | ᠤᠢ ᠶᠢᠨ ᠬᠡᠷᠡᠯ ᠵᠢᠷᠤᠭ ᠤᠨ ᠦᠵᠡᠰᠬᠦᠯᠡᠩ | 2017 ᠣᠨ ᠤ 12 ᠳ᠋ᠤᠭᠠᠷ ᠰᠠᠷ᠎ᠠ ᠶᠢᠨ 19 ᠤ ᠡᠳᠦᠷ᠂ ᠶᠡᠷᠦᠩᠬᠡᠢ ᠱᠦᠵᠢ ᠰᠢ ᠶᠢᠨ ᠫᠢᠩ᠄ | ︽︿ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ﹀ ᠤᠨ ᠪᠦᠳᠦᠭᠡᠨ ᠪᠠᠶᠢᠭᠤᠯᠤᠯᠲᠠ ᠦᠨᠡᠨ ᠪᠣᠳᠠᠲᠠᠢ ᠦᠷ᠎ᠡ | ᠪᠦᠲᠦᠮᠵᠢ ᠣᠯᠵᠤ᠂ ᠬᠥᠳᠡᠭᠡ ᠲᠣᠰᠬᠤᠨ ᠢᠯᠠᠩᠭᠤᠶ᠎ᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠦᠮᠦᠨ ᠪᠠ | ᠡᠳ᠋ ᠮᠥᠩᠭᠦ ᠶᠢ ᠠᠪᠴᠢᠷᠠᠭᠰᠠᠨ ᠪᠥᠭᠡᠳ ᠨᠠᠮ ᠤᠨ ᠦᠨᠳᠦᠰᠦᠨ ᠱᠠᠲᠤᠨ ᠳᠤ ᠠᠷᠠᠳ ᠤᠨ ᠰᠡᠳᠬᠢᠯ ᠢ | ᠨᠢᠭᠲᠠᠷᠠᠭᠤᠯᠪᠠ᠃︾ ᠭᠡᠵᠦ ᠵᠢᠭᠠᠵᠤ ᠭᠠᠷᠭᠠᠪᠠ᠃ | | | | ᠠᠷᠪᠠᠨ ᠵᠢᠯ ᠤᠨ ᠲᠤᠷᠰᠢ᠂ ᠥᠪᠥᠷ ᠮᠣᠩᠭᠤᠯ ᠤᠨ ᠬᠢᠨ ︽ᠴᠢᠨᠡᠭᠡᠯᠢᠭᠵᠢᠯ ᠤᠨ ᠵᠠᠮ ᠳᠡᠭᠡᠷ᠎ᠡ ᠠᠯᠢ ᠨᠢᠭᠡ | ᠭᠠᠵᠠᠷ ᠢ ᠴᠤ ᠵᠠᠮ ᠬᠠᠷᠢᠯᠴᠠᠭ᠎ᠠ ᠠᠴᠠ ᠪᠤᠯᠵᠤ ᠬᠤᠴᠣᠷᠤᠭᠤᠯᠬᠤ ᠦᠬᠡᠢ︾ ᠭᠡᠬᠦ ᠲᠥᠪ ᠴᠢᠩᠭ᠎ᠠ ᠠᠮᠠᠯᠠᠯᠲᠠ ᠪᠠᠨ | ᠦᠢᠯᠡᠳᠦᠯᠭᠡᠵᠢᠭᠦᠯᠵᠦ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠪᠠ᠃ ᠬᠥᠳᠡᠭᠡ ᠲᠣᠰᠬᠤᠨ ᠤ ᠵᠠᠰᠠᠮᠠᠯ ᠵᠠᠮ ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ | ᠬᠦᠴᠢᠷᠳᠡᠯᠲᠡᠢ ᠭᠠᠵᠠᠷ ᠣᠷᠣᠨ ᠳᠤ ᠬᠦᠮᠦᠨ ᠪᠠ ᠡᠳ᠋ ᠮᠥᠩᠭᠦ ᠶᠢ ᠠᠪᠴᠢᠷᠠᠭᠰᠠᠨ ᠪᠥᠭᠡᠳ ᠨᠠᠮ ᠤᠨ ᠦᠨᠳᠦᠰᠦᠨ | ᠱᠠᠲᠤᠨ ᠳᠤ ᠠᠷᠠᠳ ᠤᠨ ᠰᠡᠳᠬᠢᠯ ᠢ ᠨᠢᠭᠲᠠᠷᠠᠭᠤᠯᠵᠠᠢ᠃ ᠭᠠᠴᠠᠭ᠎ᠠ ᠳᠤ ᠣᠴᠢᠬᠤ ᠵᠠᠮ ᠨᠢ ᠮᠠᠯᠴᠢᠨ ᠲᠠᠷᠢᠶᠠᠴᠢᠨ ᠤ | ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ ᠪᠣᠯᠣᠭᠰᠠᠨ ᠢᠶᠠᠷ ᠪᠠᠷᠠᠬᠤ ᠥᠬᠡᠶ᠂ ᠨᠠᠩ ᠴᠤ ᠬᠤᠲᠠ ᠪᠠ ᠬᠥᠳᠡᠭᠡ | ᠲᠣᠰᠬᠤᠨ ᠢ ᠬᠤᠯᠪᠣᠵᠤ᠂ ᠨᠠᠮ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠢᠷᠦᠬᠡ ᠰᠡᠳᠬᠢᠯ ᠢᠶᠠᠨ | ᠬᠤᠯᠪᠣᠬᠤ ᠵᠠᠮ ᠪᠣᠯᠤᠭᠰᠠᠨ ᠪᠠᠶᠢᠨ᠎ᠠ᠃ | | | | ᠬᠥᠯᠥᠨ ᠪᠣᠶᠢᠷ ᠬᠤᠲᠠ ᠶᠢᠨ ᠮᠣᠷᠢᠨ ᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ | ᠤ C188 ᠱᠤᠭᠤᠮ ᠤᠨ ᠬᠥᠳᠡᠭᠡ ᠲᠣᠰᠬᠤᠨ ᠤ ᠵᠠᠰᠠᠮᠠᠯ ᠵᠠᠮ | | | | | ᠬᠥᠯᠥᠨ ᠪᠣᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ X358 | ᠱᠤᠭᠤᠮ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨᠡᠳᠬᠡᠨ ᠵᠠᠰᠠᠭᠰᠠᠨ ᠰᠢᠨ᠎ᠡ ᠬᠠᠭᠤᠴᠢᠨ ᠤ ᠬᠠᠷᠢᠴᠠᠭᠤᠯᠤᠯ | | | | | | ᠬᠥᠬᠡᠬᠤᠲᠠ ᠶᠢᠨ X015 ᠱᠤᠭᠤᠮ ᠤᠨ ᠬᠤᠷᠢᠨᠭᠡᠷ ᠠᠴᠠ ᠵᠢᠶᠠᠩ ᠵᠢᠶᠠ ᠫᠢᠩ ᠬᠥᠷᠬᠦ ᠵᠢᠭᠤᠯᠴᠢᠯᠠᠯ ᠤᠨ | ᠵᠠᠰᠠᠮᠠᠯ ᠵᠠᠮ ᠤᠨ ᠪᠠᠶᠠᠨ ᠲᠣᠬᠤᠢ ᠦᠵᠡᠮᠵᠢ ᠶᠢᠨ ᠣᠷᠣᠨ ᠤ ᠬᠡᠰᠡᠭ ᠢ ᠥᠭᠡᠷᠡᠴᠢᠯᠡᠨ ᠰᠢᠨᠡᠳᠬᠡᠭᠰᠡᠨ ᠰᠢᠨ᠎ᠡ | ᠬᠠᠭᠤᠴᠢᠨ ᠤ ᠬᠠᠷᠢᠴᠠᠭᠤᠯᠤᠯ | | | | ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠲᠠᠩᠰᠤᠭ ᠪᠤᠯᠠᠭ ᠰᠤᠮᠤᠨ ᠤ Y036 ᠱᠤᠭᠤᠮ | ᠤᠨ ᠬᠥᠳᠡᠭᠡ ᠲᠣᠰᠬᠤᠨ ᠤ ᠵᠠᠰᠠᠮᠠᠯ ᠵᠠᠮ | | | | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠣᠪᠣᠭ᠎ᠠ ᠲᠣᠰᠬᠤᠨ ᠤ ᠨᠡᠶᠢᠲᠡ ᠶᠢᠨ ᠮᠠᠰᠢᠨ ᠲᠡᠷᠭᠡᠨ ᠤ | ᠥᠷᠲᠡᠭᠡ | | | | ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ X194 ᠱᠤᠭᠤᠮ ᠤᠨ ᠬᠤᠸᠠ ᠵᠢᠯᠠᠭ᠎ᠠ ᠰᠢᠶᠠᠩ | ᠤᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠥᠷᠲᠡᠭᠡ | | | | ᠣᠷᠳᠣᠰ ᠬᠤᠲᠠ ᠶᠢᠨ ᠳᠠᠯᠠᠳ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ | | | | ᠬᠥᠯᠥᠨ ᠪᠣᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠰᠢᠭᠤᠶᠢᠲᠤ ᠣᠷᠣᠨ ᠤ | ᠵᠠᠰᠠᠮᠠᠯ ᠵᠠᠮ ᠤᠨ ᠨᠠᠮᠤᠷ ᠤᠨ ᠦᠵᠡᠮᠵᠢ | | | | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ Y335 ᠱᠤᠭᠤᠮ ᠤᠨ ᠪᠤᠭᠲᠠ ᠶᠢᠨ ᠰᠦᠮ᠎ᠡ ᠠᠴᠠ | ᠬᠤᠸᠠᠩ ᠶᠢᠩᠽᠢ ᠬᠦᠷᠬᠦ ᠵᠠᠰᠠᠮᠠᠯ ᠵᠠᠮ | | | | ᠬᠥᠯᠥᠨ ᠪᠣᠶᠢᠷ ᠬᠤᠲᠠ ᠶᠢᠨ ᠠᠷᠤᠨ ᠬᠤᠰᠢᠭᠤᠨ ᠤ C054 ᠱᠤᠭᠤᠮ ᠤᠨ ᠡᠦ ᠳ᠋ᠢ ᠴᠢᠦᠢ ᠠᠴᠠ ᠰᠢᠨ ᠹᠠ | ᠰᠢᠶᠠᠩ ᠬᠦᠷᠬᠦ ᠬᠥᠳᠡᠭᠡ ᠲᠣᠰᠬᠤᠨ ᠤ ᠵᠠᠰᠠᠮᠠᠯ ᠵᠠᠮ | | |