12 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ︽ᠰᠣᠨᠢᠨ | ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ︾ ᠳᠤ ︽ᠥᠪᠥᠷ ᠮᠣᠩᠭᠤᠯ ᠨᠢᠭᠡᠨᠲᠡ 4747 ᠺᠢᠯᠣᠮᠧᠲᠷ ᠤᠨ ᠳᠡᠭᠡᠳᠤ | ᠬᠤᠷᠳᠤ ᠶᠢᠨ ᠵᠠᠮ ᠤᠨ ᠬᠤᠷᠳᠤᠴᠠ ᠶᠢ ᠬᠢᠵᠠᠭᠠᠷᠯᠠᠬᠤ ᠬᠡᠮᠵᠢᠭᠳᠡᠯ ᠳᠤ ᠲᠣᠬᠢᠷᠠᠭᠤᠯᠤᠯᠲᠠ ᠬᠢᠬᠦ ᠶᠢ ᠪᠡᠶᠡᠯᠡᠭᠦᠯᠪᠡ︾ | ᠭᠡᠬᠦ ᠠᠭᠤᠯᠭ᠎ᠠ ᠶᠢ ᠮᠡᠳᠡᠭᠡᠯᠡᠪᠡ᠃ | ᠡᠨᠡ ᠵᠢᠯ ᠠᠴᠠ ᠨᠠᠭᠠᠰᠢ᠂ ᠥᠪᠥᠷ ᠮᠣᠩᠭᠤᠯ ᠪᠥᠬᠦ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠤᠨ | ᠬᠤᠷᠳᠤᠴᠠ ᠶᠢ ᠬᠢᠵᠠᠭᠠᠷᠯᠠᠬᠤ ᠲᠣᠬᠢᠷᠠᠭᠤᠯᠤᠯᠲᠠ ᠶᠢᠨ ᠠᠵᠢᠯ ᠢ ᠡᠬᠢᠯᠡᠭᠦᠯᠵᠦ᠂ ᠪᠥᠬᠦ ᠣᠷᠣᠨ ᠤ ᠬᠤᠷᠳᠤᠴᠠ ᠶᠢ | ᠬᠢᠵᠠᠭᠠᠷᠯᠠᠬᠤ ᠨᠢ ᠴᠠᠭ ᠪᠦᠷᠢ 120 ᠺᠢᠯᠣᠮᠧᠲᠷ ᠠᠴᠠ ᠳᠣᠤᠷ᠎ᠠ ᠪᠠᠶᠢᠬᠤ ᠳᠡᠭᠡᠳᠦ ᠬᠤᠷᠳᠤ ᠶᠢᠨ ᠵᠠᠰᠠᠮᠠᠯ ᠵᠠᠮ᠂ | ᠬᠤᠷᠳᠤᠴᠠ ᠶᠢ ᠬᠢᠵᠠᠭᠠᠷᠯᠠᠬᠤ ᠨᠢ ᠴᠠᠭ ᠪᠦᠷᠢ 80 ᠺᠢᠯᠣᠮᠧᠲᠷ ᠠᠴᠠ ᠳᠣᠤᠷ᠎ᠠ ᠪᠠᠶᠢᠬᠤ ᠨᠢᠭᠡᠳᠦᠭᠡᠷ ᠳᠡᠰ ᠤᠨ | ᠵᠠᠰᠠᠮᠠᠯ ᠵᠠᠮ ᠢ ᠣᠷᠣᠨ ᠪᠦᠰᠡ ᠬᠤᠪᠢᠶᠠᠨ᠂ ᠲᠡᠷᠭᠡᠨ ᠤ ᠬᠡᠯᠪᠡᠷᠢ ᠬᠤᠪᠢᠶᠠᠨ᠂ ᠲᠡᠷᠭᠡᠨ ᠵᠠᠮ ᠬᠤᠪᠢᠶᠠᠨ | ᠬᠤᠷᠳᠤᠴᠠ ᠶᠢ ᠬᠢᠵᠠᠭᠠᠷᠯᠠᠬᠤ ᠶᠢ ᠰᠢᠯᠢᠳᠡᠭᠵᠢᠭᠦᠯᠦᠨ ᠲᠣᠬᠢᠷᠠᠭᠤᠯᠪᠠ᠃ ᠣᠳᠣᠬᠠᠨ ᠳᠤ᠂ ᠨᠢᠭᠡᠨᠲᠡ 4747 | ᠺᠢᠯᠣᠮᠧᠲᠷ ᠤᠨ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠣᠬᠢᠷᠠᠭᠤᠯᠤᠯᠲᠠ ᠬᠢᠵᠦ᠂ | ᠬᠤᠷᠳᠤᠴᠠ ᠶᠢ ᠬᠢᠵᠠᠭᠠᠷᠯᠠᠬᠤ ᠨᠢ ᠴᠠᠭ ᠪᠦᠷᠢ 110 ᠺᠢᠯᠣᠮᠧᠲᠷ ᠠᠴᠠ ᠳᠡᠭᠡᠭᠰᠢ ᠵᠠᠮ ᠤᠨ ᠬᠡᠰᠡᠭ ᠨᠡᠮᠡᠭᠳᠡᠭᠡᠳ | 6169 ᠺᠢᠯᠣᠮᠧᠲᠷ ᠪᠣᠯᠵᠣ᠂ ᠡᠵᠡᠯᠡᠬᠦ ᠬᠠᠷᠢᠴᠠᠯ ᠨᠢ 78% ᠳᠤ ᠬᠦᠷᠴᠦ᠂ ᠳᠡᠭᠡᠳᠦ ᠲᠠᠰ ᠤᠨ ᠵᠠᠰᠠᠮᠠᠯ ᠵᠠᠮ | ︽ᠬᠤᠷᠳᠤᠴᠠ ᠪᠠᠨ ᠳᠡᠭᠡᠭᠰᠢᠯᠡᠭᠦᠯᠬᠦ︾ ᠴᠠᠭ ᠦᠶ᠎ᠡ ᠳᠤ ᠣᠷᠣᠪᠠ᠃ | | | | 12 ᠳ᠋ᠤᠭᠠᠷ ᠰᠠᠷ᠎ᠠ ᠶᠢᠨ 11 ᠤ ᠡᠳᠦᠷ᠂ G55 ᠡᠷᠢᠶᠡᠨ ᠠᠴᠠ ᠭᠤᠸᠠᠩᠵᠧᠦ ᠬᠦᠷᠬᠦ ᠳᠡᠭᠡᠳᠤ | ᠬᠤᠷᠳᠤ ᠶᠢᠨ ᠵᠠᠰᠠᠮᠠᠯ ᠵᠠᠮ ᠤᠨ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠲᠤᠭ ᠤᠨ ᠠᠭᠤᠯᠠ ᠶᠢᠨ ᠬᠡᠰᠡᠭ ᠤᠨ ᠣᠶᠢᠷᠠᠯᠴᠠᠭ᠎ᠠ᠂ ᠪᠠᠷᠢᠯᠭ᠎ᠠ ᠶᠢᠨ ᠠᠵᠢᠯᠲᠠᠳ ᠳᠡᠭᠡᠳᠤ ᠬᠤᠷᠳᠤ ᠶᠢᠨ ᠵᠠᠰᠠᠮᠠᠯ | ᠵᠠᠮ ᠳᠡᠭᠡᠷᠡᠬᠢ ᠳᠣᠯᠭᠢᠶᠠᠨ ᠬᠡᠯᠪᠡᠷᠢᠲᠤ ᠬᠡᠷᠡᠰᠬᠡ ᠶᠢ ᠰᠣᠯᠢᠵᠤ ᠪᠠᠶᠢᠨ᠎ᠠ᠃ ᠡᠶᠢᠮᠦᠷᠬᠦᠦ ᠳᠣᠯᠭᠢᠶᠠᠨ ᠬᠡᠯᠪᠡᠷᠢᠲᠤ ᠶᠢᠨ | ᠬᠡᠷᠡᠰᠬᠡ ᠪᠣᠯ ᠵᠠᠰᠠᠮᠠᠯ ᠵᠠᠮ ᠤᠨ ᠮᠥᠷᠭᠦᠯᠳᠦᠬᠦ ᠶᠢ ᠰᠡᠷᠭᠡᠶᠢᠯᠡᠬᠦ ᠲᠥᠬᠦᠭᠡᠷᠦᠮᠵᠢ ᠪᠠᠶᠢᠵᠤ᠂ ᠵᠠᠰᠠᠮᠠᠯ ᠵᠠᠮ ᠤᠨ ᠳᠡᠰ | ᠤᠨ ᠠᠳᠠᠯᠢ ᠪᠤᠰᠤ ᠶᠢ ᠦᠨᠳᠦᠰᠦᠯᠡᠨ ᠠᠳᠠᠯᠢ ᠪᠤᠰᠤ ᠪᠠᠷᠢᠮᠵᠢᠶ᠎ᠠ ᠶᠢ ᠬᠡᠷᠡᠭᠯᠡᠳᠡᠭ᠃ ᠣᠳᠣᠬᠠᠨ ᠳᠤ᠂ ᠵᠠᠰᠠᠮᠠᠯ ᠵᠠᠮ | ᠳᠠᠭᠠᠤ ᠶᠢᠨ ᠬᠤᠷᠳᠤᠴᠠ ᠶᠢ ᠬᠢᠵᠠᠭᠠᠷᠯᠠᠬᠤ ᠲᠡᠮᠳᠡᠭ᠂ ᠵᠢᠷᠤᠭᠠᠰᠤ ᠪᠠ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ | ᠡᠵᠡᠮᠳᠡᠬᠦ ᠲᠥᠬᠦᠭᠡᠷᠦᠮᠵᠢ ᠶᠢᠨ ᠪᠣᠯᠵᠣᠯᠲᠤ ᠲᠤᠭ᠎ᠠ ᠵᠡᠷᠭᠡ ᠳᠤ ᠴᠥᠮ ᠢᠵᠢᠯ ᠠᠯᠬᠤᠮ ᠢᠶᠠᠷ ᠲᠣᠬᠢᠷᠠᠭᠤᠯᠤᠯᠲᠠ | ᠬᠢᠵᠦ ᠪᠠᠶᠢᠨ᠎ᠠ᠃ ᠡᠨᠡ ᠵᠢᠯ᠂ ᠤᠯᠠᠭᠠᠨᠴᠠᠪ ᠬᠤᠲᠠ ᠶᠢᠨ ᠬᠢᠨ ᠬᠢᠯᠢ ᠳᠣᠲᠣᠷᠠᠬᠢ ᠬᠤᠷᠳᠤᠴᠠ ᠶᠢ ᠳᠡᠭᠡᠭᠰᠢᠯᠡᠭᠦᠯᠬᠦ | ᠪᠠᠷᠢᠮᠵᠢᠶ᠎ᠠ ᠳᠤ ᠨᠡᠶᠢᠴᠡᠬᠦ ᠳᠡᠭᠡᠳᠦ ᠬᠤᠷᠳᠤ ᠶᠢᠨ ᠵᠠᠰᠠᠮᠠᠯ ᠵᠠᠮ ᠳᠤ ᠬᠤᠷᠳᠤᠴᠠ ᠶᠢ ᠳᠡᠭᠡᠭᠰᠢᠯᠡᠭᠦᠯᠬᠦ ᠠᠵᠢᠯ ᠬᠢᠵᠦ᠂ | 12 ᠳ᠋ᠤᠭᠠᠷ ᠰᠠᠷ᠎ᠠ ᠶᠢᠨ 15 ᠤ ᠡᠳᠦᠷ ᠪᠥᠬᠦ ᠲᠠᠯ᠎ᠠ ᠪᠠᠷ ᠪᠡᠶᠡᠯᠡᠭᠦᠯᠬᠦ ᠪᠣᠯᠤᠨ᠎ᠠ᠃ | | | | ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠮᠧᠩ ᠲᠦᠩ ᠠᠷᠠᠴᠢᠯᠠᠨ ᠬᠠᠮᠠᠭᠠᠯᠠᠬᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠲᠠᠬᠢ ᠬᠤᠪᠢᠶᠠᠷᠢ ᠺᠣᠮᠫᠠᠨᠢ ᠶᠢᠨ | ᠳᠡᠳ᠋ ᠳᠠᠭᠠᠭᠠᠮᠠᠯ ᠫᠠᠩ ᠳ᠋ᠧᠩ ᠳ᠋ᠦᠩ | ᠣᠳᠣᠬᠠᠨ ᠪᠣᠯᠲᠠᠯ᠎ᠠ᠂ ᠳᠡᠭᠡᠷᠡᠬᠢ ᠵᠠᠮ ᠱᠤᠭᠤᠮ ᠤᠨ 90% ᠠᠴᠠ ᠳᠡᠭᠡᠭᠰᠢᠬᠢ ᠠᠵᠢᠯ ᠢ ᠨᠢᠭᠡᠨᠲᠡ | ᠪᠡᠶᠡᠯᠡᠭᠦᠯᠪᠡ᠃ ᠵᠠᠯᠭᠠᠭᠠᠳ ᠪᠢᠳᠡ ᠠᠬᠢᠴᠠ ᠶᠢ ᠵᠠᠪᠳᠤᠨ᠂ ᠶᠠᠰᠤ ᠴᠢᠨᠠᠷ ᠢ ᠪᠠᠲᠤᠯᠠᠵᠤ᠂ ᠦᠯᠡᠳᠡᠭᠰᠡᠨ ᠠᠵᠢᠯ ᠢᠶᠠᠨ | ᠠᠯᠢ ᠲᠦᠷᠭᠡᠨ ᠢᠶᠠᠷ ᠪᠡᠶᠡᠯᠡᠭᠦᠯᠬᠦ ᠪᠣᠯᠤᠨ᠎ᠠ᠃ | | | | ᠡᠨᠡ ᠵᠢᠯ ᠤᠨ 4 ᠳ᠋ᠦ᠋ᠭᠡᠷ ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠪᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠬᠠᠮᠲᠤᠷᠠᠨ ᠪᠥᠬᠦ ᠣᠷᠣᠨ ᠤ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠣᠬᠢᠷᠠᠭᠤᠯᠤᠯᠲᠠ | ᠶᠢᠨ ᠠᠵᠢᠯ ᠢ ᠡᠬᠢᠯᠡᠭᠦᠯᠵᠦ᠂ ᠳᠡᠭᠡᠳᠦ ᠲᠠᠰ ᠤᠨ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠨᠢ ᠳᠣᠤᠷ᠎ᠠ᠂ | ᠬᠤᠷᠳᠤᠴᠠ ᠶᠢ ᠬᠢᠵᠠᠭᠠᠷᠯᠠᠬᠤ ᠲᠡᠮᠳᠡᠭ ᠢ ᠳᠣᠭᠢᠷᠠᠭᠤᠯᠤᠭᠰᠠᠨ ᠨᠢ ᠵᠣᠬᠢᠰ ᠥᠬᠡᠶ ᠵᠡᠷᠭᠡ ᠠᠰᠠᠭᠤᠳᠠᠯ ᠢ ᠬᠦᠴᠦᠯᠡᠨ | ᠰᠢᠶᠳᠪᠦᠷᠢᠯᠡᠪᠡ᠃ ᠣᠳᠣᠬᠠᠨ ᠪᠣᠯᠲᠠᠯ᠎ᠠ᠂ ᠨᠡᠶᠢᠲᠡ 34.2 ᠲᠦᠮᠡᠨ ᠲᠡᠭᠰᠢ ᠳᠥᠷᠪᠡᠯᠵᠢᠨ ᠮᠧᠲᠷ ᠵᠢᠷᠤᠭᠠᠰᠤ | ᠵᠢᠷᠤᠵᠤ᠂ 3154 ᠲᠡᠮᠳᠡᠭᠲᠦ ᠫᠠᠶᠢᠰᠠ ᠶᠢ ᠰᠢᠨ᠎ᠡ ᠪᠠᠷ ᠨᠡᠮᠡᠭᠳᠡᠭᠦᠯᠵᠦ᠂ 2.2 ᠲᠦᠮᠡᠨ ᠤᠷᠲᠤᠳᠬᠠᠯ ᠮᠧᠲᠷ | ᠬᠠᠯᠬᠠᠪᠴᠢ ᠬᠡᠷᠡᠰᠬᠡ ᠶᠢ ᠰᠢᠨᠡᠳᠬᠡᠵᠦ᠂ ᠪᠥᠬᠦ ᠲᠠᠯ᠎ᠠ ᠪᠠᠷ ︽ᠬᠤᠷᠳᠤᠴᠠ ᠶᠢ ᠳᠡᠭᠡᠭᠰᠢᠯᠡᠭᠦᠯᠬᠦ︾ ᠶᠢᠨ ᠳᠠᠭᠠᠤ ᠵᠠᠮ | ᠤᠨ ᠪᠠᠶᠢᠳᠠᠯ ᠤᠨ ᠠᠮᠤᠷ ᠲᠦᠪᠰᠢᠨ ᠤ ᠦᠶᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ | ᠨᠡᠪᠲᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ 5 ᠠᠴᠠ 11 ᠳ᠋ᠦ᠋ᠭᠡᠷ ᠰᠠᠷ᠎ᠠ ᠪᠣᠯᠲᠠᠯ᠎ᠠ᠂ ᠪᠥᠬᠦ | ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠴᠤᠪᠤᠷᠠᠯ ᠠᠳᠠᠯᠢ ᠬᠤᠭᠤᠴᠠᠭᠠᠨ ᠤ ᠬᠢ ᠠᠴᠠ 3. | 5% ᠪᠠᠷ ᠨᠡᠮᠡᠭᠳᠡᠵᠦ᠂ ᠡᠭᠦᠨ ᠳᠤ ᠠᠶᠠᠨᠴᠢᠳ ᠤᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 5.8% | ᠪᠠᠷ ᠨᠡᠮᠡᠭᠳᠡᠪᠡ᠃ | | | | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ | ᠭᠠᠵᠠᠷ ᠤᠨ ᠳᠡᠳ᠋ ᠳᠠᠷᠤᠭ᠎ᠠ ᠸᠠᠩ ᠱᠠᠨ ᠸᠧᠶ | ︵ᠭᠤᠣᠯᠳᠠᠭᠤ ᠪᠠᠶᠠᠷ ᠲᠤᠷᠠᠰᠬᠠᠯ ᠠᠮᠠᠷᠠᠯᠲᠠ ᠶᠢᠨ ᠡᠳᠦᠷ︶ ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ | ᠵᠠᠮ ᠤᠨ ᠡᠳᠦᠷ ᠤᠨ ᠲᠡᠷᠭᠡᠨ ᠤ ᠴᠤᠪᠤᠷᠠᠯ ᠤᠨ ᠤᠷᠬᠢᠯ ᠤᠨ ᠬᠡᠮᠵᠢᠶ᠎ᠡ ᠨᠢ ᠨᠡᠶᠢᠳᠡ 241 ᠲᠦᠮᠡ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 22% ᠢᠶᠠᠷ ᠨᠡᠮᠡᠭᠳᠡᠵᠦ᠂ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ | ᠲᠡᠮᠳᠡᠭᠯᠡᠯ ᠢ ᠡᠭᠦᠳᠴᠦ᠂ ᠨᠡᠶᠢᠭᠡᠮ ᠤᠨ ᠬᠠᠷᠢᠭᠤ ᠲᠤᠰᠬᠠᠯ ᠶᠡᠷᠦᠩᠬᠡᠢ ᠳᠤ ᠪᠠᠨ ᠰᠠᠶᠢᠨ ᠪᠠᠶᠢᠨ᠎ᠠ᠃ | | | | 2025 ᠣᠨ ᠤ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠨᠥᠬᠦᠴᠡᠯ ᠪᠦᠷᠢᠯᠳᠦᠭᠦᠯᠦᠭᠰᠡᠨ ᠳᠡᠭᠡᠳᠦ ᠲᠠᠰ | ᠤᠨ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠣᠬᠢᠷᠠᠭᠤᠯᠤᠯᠲᠠ ᠶᠢᠨ ᠪᠦᠬᠦᠯᠢ ᠴᠣᠭᠴᠠ ᠶᠢᠨ ᠠᠵᠢᠯ ᠢ | ᠪᠦᠬᠦᠨ ᠢ ᠪᠡᠶᠡᠯᠡᠭᠦᠯᠵᠦ᠂ ᠲᠡᠷᠡ ᠦᠶ᠎ᠡ ᠪᠣᠯᠬᠤ ᠳᠤ ᠮᠠᠨ ᠤ ᠣᠷᠣᠨ ᠤ ᠴᠠᠭ ᠤᠨ ᠬᠤᠷᠳᠤᠴᠠ 120 ᠺᠢᠯᠣᠮᠧᠲᠷ | ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠯᠡᠬᠦ ᠬᠠᠷᠢᠴᠠᠯ ᠨᠢ 82% ᠲᠤ ᠬᠦᠷᠬᠦ ᠪᠣᠯᠣᠨ᠎ᠠ᠃ | |