12 ᠳ᠋ᠤᠭᠠᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠪᠥᠬᠦ ᠤᠯᠤᠰ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠵᠤ᠂ ᠵᠢᠶᠠᠩᠰᠦ᠂ ᠥᠪᠥᠷ ᠮᠣᠩᠭᠤᠯ᠂ | ᠠᠨᠾᠦ᠋ᠢ᠂ ᠰᠧᠴᠤᠸᠠᠨ᠂ ᠾᠧᠨᠠᠨ᠂ ᠵᠧᠵᠢᠶᠠᠩ ᠵᠡᠷᠭᠡ 6 ᠮᠤᠵᠢ ᠣᠷᠣᠨ ᠵᠢᠴᠢ ᠬᠤᠳᠠᠯᠳᠤᠭᠠᠴᠢᠨ ᠤᠷᠢᠬᠤ | ᠲᠣᠪᠴᠢᠶ᠎ᠠ᠂ ᠲᠡᠯᠡᠶ ᠶᠢᠨ ᠶᠠᠪᠤᠳᠠᠯ ᠤᠨ ᠲᠣᠪᠴᠢᠶ᠎ᠠ ᠶᠢᠨ 2 ᠨᠢᠭᠡᠴᠢ ᠲᠤᠷᠰᠢᠯᠭ᠎ᠠ ᠠᠷᠭ᠎ᠠ ᠬᠢᠳᠡᠯ ᠢᠶᠠᠨ | ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠶᠡᠷᠦᠩᠬᠡᠶᠢᠯᠡᠭᠰᠡᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠠᠨᠠᠯ | ᠢᠶᠠᠨ ᠰᠣᠯᠢᠯᠴᠠᠨ ᠦᠭᠡ ᠬᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠭᠤᠤᠯ | ᠰᠡᠳᠦᠪ ᠪᠣᠯᠭᠠᠭᠰᠠᠨ ᠴᠣᠷ ᠤᠨ ᠭᠠᠭᠴᠠ ᠭᠠᠵᠠᠷ ᠣᠷᠣᠨ ᠪᠠ ᠨᠢᠭᠡᠴᠢ ᠪᠣᠯᠵᠠᠶ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ | ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠣᠮᠣ ᠵᠠᠮ ᠬᠠᠷᠢᠯᠴᠠᠭ᠎ᠠ︾ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠵᠤ᠂ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ | ᠨᠢᠭᠡ ᠳᠤ᠂ ᠪᠠᠶᠢᠭᠤᠯᠤᠯ᠂ ᠰᠢᠨ᠎ᠡ ᠶᠢ ᠡᠭᠦᠳᠬᠦ ᠲᠣᠭᠲᠠᠴᠠ ᠪᠠᠨ ᠰᠢᠯᠤᠭᠤᠳᠬᠠᠪᠠ᠃ ᠲᠡᠮᠦᠷ ᠵᠠᠮ᠂ ᠠᠷᠠᠳ | ᠤᠨ ᠠᠭᠠᠷ ᠤᠨ ᠲᠡᠭᠡᠭᠡᠪᠦᠷᠢ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ | ᠬᠤᠪᠢᠶᠠᠷᠢᠯᠠᠨ ᠣᠷᠣᠭᠤᠯᠵᠤ᠂ ᠰᠢᠨ᠎ᠡ ᠪᠠᠷ ᠨᠡᠮᠡᠭᠳᠡᠭᠰᠡᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠰᠢᠦᠳᠠᠨ ᠤ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠶᠢ ᠲᠣᠮᠢᠯᠠᠵᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠭᠦᠯᠪᠡ᠃ ᠪᠥᠬᠦ ᠣᠷᠣᠨ ᠤ 12 ᠠᠶᠢᠮᠠᠭ | ᠬᠤᠲᠠ ᠴᠥᠮ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠲᠠᠢ ᠬᠠᠷᠢᠴᠠᠭᠤᠯᠵᠤ᠂ | 96 ᠬᠤᠰᠢᠭᠤ ᠰᠢᠶᠠᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ︽ᠰᠢᠦᠳᠠᠨ ᠤ ᠦᠶᠯᠡᠰ ᠤᠨ ᠠᠮᠤᠷ ᠲᠦᠪᠰᠢᠨ | ᠤ ᠲᠥᠪ︾ ᠤᠨ ᠫᠠᠶᠢᠰᠠ ᠶᠢ ᠨᠡᠮᠡᠵᠦ ᠡᠯᠭᠦᠨ᠂ ᠳᠡᠭᠡᠷ᠎ᠡ ᠠᠴᠠ ᠳᠣᠷᠣᠭᠰᠢ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠠᠷ | ᠲᠦᠷᠦᠭᠦᠯᠡᠭᠦᠯᠦᠭᠰᠡᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠴᠢᠬᠤᠯᠠ ᠶᠡᠭᠡ ᠲᠥᠷᠥᠯ ᠵᠦᠢᠯ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠬᠦᠴᠢᠷᠳᠡᠯ ᠲᠠᠢ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ | ᠰᠢᠶᠳᠪᠦᠷᠢᠯᠡᠨ᠎ᠡ᠃ ᠠᠭᠠᠷ ᠤᠨ ᠠᠶᠠᠯᠠᠯ ᠤᠨ ᠠᠵᠤ ᠦᠶᠯᠡᠰ ᠤᠨ ᠬᠥᠭᠵᠢᠯᠲᠡ᠂ ᠳᠣᠤᠷ᠎ᠠ ᠠᠭᠠᠷ ᠤᠨ ᠪᠠᠷᠠᠭᠠᠨ ᠤ | ᠭᠦᠶᠯᠭᠡᠭᠡ ᠶᠢᠨ ᠴᠢᠨᠠᠷ ᠰᠠᠶᠢᠲᠠᠶ ᠬᠥᠭᠵᠢᠯᠲᠡ᠂ ᠳᠣᠤᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ | ᠥᠭᠡᠷᠡᠴᠢᠯᠡᠯᠲᠡ ᠵᠡᠷᠭᠡ 3 ᠬᠡᠷᠡᠭᠵᠢᠭᠦᠯᠬᠦ ᠲᠥᠰᠦᠯ ᠢ ᠰᠤᠳᠤᠯᠤᠨ ᠨᠡᠶᠢᠲᠡᠯᠡᠵᠦ᠂ ᠴᠡᠷᠢᠭ ᠠᠩᠭᠢ ᠣᠷᠣᠨ | ᠨᠤᠲᠤᠭ ᠤᠨ ᠵᠠᠰᠠᠭ ᠤᠨ ᠣᠷᠳᠣᠨ ᠠᠷᠠᠳ ᠤᠨ ᠳᠤᠮᠳᠠᠬᠢ ᠵᠣᠬᠢᠶᠠᠨ ᠪᠠᠶᠢᠭᠤᠯᠤᠯᠲᠠ ᠭᠤᠷᠪᠠᠨ ᠲᠠᠯ᠎ᠠ ᠶᠢᠨ ᠠᠭᠠᠷ | ᠤᠨ ᠣᠷᠣᠨ ᠤ ᠬᠠᠮᠵᠢᠯᠴᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠠᠭᠠᠷ ᠤᠨ ᠣᠷᠣᠨ ᠢ ᠵᠢᠷᠤᠵᠤ ᠲᠦᠯᠥᠪᠯᠡᠬᠦ᠂ | ᠬᠠᠮᠢᠶᠠᠷᠬᠤ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠵᠡᠷᠭᠡ ᠲᠤᠰᠢᠶᠠᠯ ᠬᠠᠷᠢᠭᠤᠴᠠᠯᠭ᠎ᠠ ᠶᠢ ᠬᠠᠮᠲᠤ ᠪᠠᠷ | ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ | ᠪᠠᠶᠢᠭᠤᠯᠬᠤ ᠶᠢ ᠠᠬᠢᠭᠤᠯᠪᠠ᠃ | ᠬᠤᠶᠠᠷ ᠲᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ ᠠᠵᠤ ᠦᠶᠯᠡᠰ ᠲᠠᠢ ᠠᠭᠤᠰᠤᠯᠴᠠᠭᠤᠯᠪᠠ᠃ | ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ | ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠤᠪᠢ ᠶᠢᠨ ᠲᠠᠪᠴᠠᠩ ᠯᠤᠭ᠎ᠠ | ᠵᠣᠯᠭᠠᠭᠤᠯᠵᠤ᠂ ᠠᠵᠢᠯ ᠲᠥᠷᠥᠯ ᠤᠨ ᠬᠢᠨᠠᠨ ᠬᠡᠮᠵᠢᠬᠦ ᠵᠠᠳᠠᠯᠤᠯᠲᠠ ᠬᠢᠬᠦ ᠳᠤ ᠲᠤᠯᠭᠠᠭᠤᠷᠢᠯᠠᠯ ᠬᠠᠩᠭᠠᠨ᠎ᠠ᠃ | ︽ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︿ᠨᠢᠭᠡ ᠪᠠᠷᠢᠮᠲᠠ ᠶᠢᠨ ᠲᠦᠷᠢᠮ ﹀ ︿ᠨᠢᠭᠡ ᠴᠢᠩᠭᠡᠯᠢᠭ | ᠤᠨ ᠲᠦᠷᠢᠮ﹀ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠥᠷᠨᠢᠭᠦᠯᠦᠨ᠂ ᠶᠡᠷᠦᠩᠬᠡᠶᠢᠯᠡᠭᠰᠡᠨ | ᠵᠠᠮ ᠬᠠᠷᠢᠯᠴᠠᠭᠠᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠪᠣᠶᠢᠵᠢᠭᠤᠯᠵᠤ᠂ | ᠨᠢᠭᠡ ᠪᠦᠯᠦᠭ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠣᠶ ᠪᠣᠯᠭᠠᠪᠠ᠃ | ᠪᠣᠳᠠᠲᠤ ᠴᠣᠭᠴᠠᠲᠤ ᠠᠵᠤ ᠠᠬᠤᠶ ᠳᠤ ᠦᠶᠯᠡᠴᠢᠯᠡᠬᠦ᠂ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡ ᠶᠢᠨ ᠥᠪᠡᠷ | ᠤᠨ ᠥᠷᠲᠡᠭ ᠢ ᠪᠠᠭᠤᠷᠠᠭᠤᠯᠬᠤ ᠪᠠᠷ ᠡᠭᠦᠰᠦᠴᠡ ᠪᠣᠯᠭᠠᠵᠤ᠂ ᠠᠵᠢᠯᠯᠠᠭᠠᠨ ᠤ ᠲᠥᠰᠦᠯ ᠢ ᠨᠡᠶᠢᠲᠡᠯᠡᠨ᠂ ᠪᠠᠷᠠᠭᠠᠨ ᠤ | ᠢᠷᠡᠯᠲᠡ ᠡᠷᠢᠬᠦ᠂ ᠲᠤᠭ᠎ᠠ ᠪᠠᠷᠢᠮᠲᠠ ᠬᠠᠩᠭᠠᠬᠤ᠂ ᠲᠠᠯᠠᠪᠠᠶ ᠪᠣᠶᠢᠵᠢᠭᠤᠯᠬᠤ᠂ ᠢᠵᠢ ᠪᠥᠷᠢᠳᠦᠭᠦᠯᠬᠦ᠂ ᠦᠶᠯᠡᠴᠢᠯᠡᠭᠡ | ᠪᠠᠨ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢ ᠣᠯᠭᠤᠬᠤ ᠪᠠᠷ ᠳᠠᠮᠵᠢᠭᠤᠯᠤᠨ᠂ ᠣᠲᠣ ᠦᠶ᠎ᠡ ᠶᠢᠨ ᠵᠠᠮ | ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ | ᠬᠥᠮᠥᠷᠭᠡ ᠳᠤ ᠣᠷᠣᠭᠤᠯᠤᠭᠰᠠᠨ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ 91 | ᠪᠣᠯᠵᠤ᠂ ᠦᠢᠯᠡᠳᠭᠦᠨ ᠤ ᠦᠷᠳᠡᠭ ᠨᠢ 5 ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ ᠠᠬᠤᠶᠢᠯᠠᠯ ᠢ 15 | ᠪᠣᠶᠢᠵᠢᠭᠤᠯᠪᠠ᠃ ᠵᠠᠰᠠᠭ ᠤᠨ ᠣᠷᠳᠣᠨ ᠠᠵᠤ ᠠᠬᠤᠶᠢᠯᠠᠯ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠶᠠᠷ ᠲᠦᠷᠦᠭᠦᠯᠦᠭᠰᠡᠨ᠂ ︽ᠬᠤᠶᠠᠷ ᠢ ᠡᠷᠢᠬᠦ︾ | ᠲᠣᠭᠲᠠᠴᠠ ᠶᠢ ᠪᠠᠶᠢᠭᠤᠯᠵᠤ᠂ ᠵᠠᠮ ᠬᠠᠷᠢᠯᠴᠠᠭᠠᠨ ᠤ ᠠᠵᠤ ᠠᠬᠤᠶᠢᠯᠠᠯ ᠳᠤ ᠪᠠᠷᠠᠭᠠᠨ ᠤ ᠢᠷᠡᠯᠳᠡ ᠶᠢ ᠡᠷᠢᠨ | ᠥᠭᠴᠦ᠂ ᠪᠠᠷᠠᠭᠠᠨ ᠤ ᠢᠷᠡᠯᠳᠡ ᠶᠢᠨ ᠠᠵᠤ ᠠᠬᠤᠶᠢᠯᠠᠯ ᠳᠤ ᠲᠤᠬᠢᠷᠠᠭᠤᠯᠤᠨ ᠬᠦᠷᠭᠡᠯᠲᠡ ᠶᠢ ᠡᠷᠢᠵᠦ ᠥᠭᠴᠦ᠂ | ᠵᠣᠯᠭᠠᠭᠤᠯᠬᠤ ᠬᠤᠷᠠᠯ ᠢ 26 ᠤᠳᠠᠭ᠎ᠠ ᠵᠣᠬᠢᠶᠠᠨ ᠪᠠᠶᠢᠭᠤᠯᠤᠨ᠂ 3300 ᠲᠦᠮᠡᠨ ᠲᠣᠨ ᠤᠷᠳᠤ ᠬᠤᠭᠤᠴᠠᠭᠠᠨ ᠤ | ᠲᠡᠭᠡᠭᠡᠪᠦᠷᠢ ᠶᠢᠨ ᠵᠥᠪᠯᠡᠯᠴᠡᠭᠡᠷ ᠢ ᠲᠣᠭᠲᠠᠪᠠ᠃ ︽ᠨᠢᠭᠡ ᠴᠢᠩᠬᠡᠯᠢᠭ ᠤᠨ ᠳᠦᠷᠢᠮ︾ ᠢᠶᠠᠷ ᠬᠤᠯᠪᠣᠭᠠᠰᠤ ᠪᠣᠯᠭᠠᠨ᠂ | ᠬᠢᠯᠢ ᠠᠯᠤᠰᠯᠠᠭᠰᠠᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠠᠭᠤᠰᠤᠯᠴᠠᠯ ᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤ ᠪᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠪᠡ᠃ | ᠣᠷᠳᠣᠰ ᠬᠤᠲᠠ ᠳᠤ ᠬᠤᠤᠰ ᠴᠢᠷᠦᠭᠦᠯ ᠮᠠᠰᠢᠨ ᠲᠡᠷᠭᠡ ᠶᠢ ᠤᠷᠢᠳ ᠢᠶᠠᠷ ᠠᠵᠢᠯᠯᠠᠭᠤᠯᠵᠤ᠂ ᠲᠡᠭᠡᠭᠡᠪᠦᠷᠢ ᠶᠢᠨ | ᠥᠪᠡᠷ ᠤᠨ ᠥᠷᠲᠡᠭ ᠢ 28.6% ᠪᠠᠷ ᠪᠠᠭᠤᠷᠠᠭᠤᠯᠵᠤ᠂ ᠲᠡᠭᠡᠭᠡᠪᠦᠷᠢ ᠶᠢᠨ ᠦᠷ᠎ᠡ ᠪᠦᠲᠦᠮᠵᠢ ᠶᠢ 36.7% ᠪᠠᠷ | ᠳᠡᠭᠡᠭᠰᠢᠯᠡᠭᠦᠯᠪᠡ︔ ᠭᠠᠭᠴᠠᠮᠣᠳᠣ ᠪᠣᠭᠤᠮᠲᠠ ᠳᠤ ᠠᠩᠬᠠᠳᠠᠭᠴᠢ ᠬᠢᠯᠢ ᠠᠯᠤᠰᠯᠠᠭᠰᠠᠨ AGV ︵ᠠᠦ᠋ᠲ᠋ᠣ᠋ ᠵᠠᠯᠠᠬᠤ | ᠲᠡᠷᠭᠡ︶ ᠶᠢᠨ ᠲᠤᠰᠬᠠᠶ ᠨᠡᠪᠲᠡᠷᠡᠬᠦ ᠵᠠᠮ ᠢ ᠨᠡᠪᠲᠡᠷᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠ | ᠣᠯᠠᠨ ᠤᠯᠤᠰ ᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢᠨ ᠬᠤᠤᠰ ᠳᠡᠭᠡᠭᠰᠢᠯᠡᠯᠲᠡ | ᠶᠢ ᠪᠡᠶᠡᠯᠡᠭᠦᠯᠪᠡ︔ ᠬᠦᠨᠳᠦ ᠠᠴᠢᠶᠠᠨ ᠤ ᠮᠠᠰᠢᠨ ᠤ ᠠᠦ᠋ᠲ᠋ᠣ᠋ ᠵᠢᠯᠣᠭᠤᠳᠬᠤ ᠡᠩᠨᠡᠭᠡᠯᠡᠨ ᠲᠡᠭᠡᠭᠡᠪᠦᠷᠢᠯᠡᠬᠦ ᠶᠢ ᠰᠢᠨ᠎ᠡ | ᠶᠢ ᠡᠭᠦᠳᠦᠨ ᠬᠡᠷᠡᠭᠯᠡᠵᠦ᠂ ︽ᠡᠬᠡ ᠬᠠᠭᠤᠷᠠᠶ ᠶᠢᠨ ᠭᠠᠷᠠᠮ + ᠴᠢᠩᠭᠡᠯᠢᠭ + ᠰᠢᠨ᠎ᠡ ᠡᠨᠧᠷᠭᠢ ᠶᠢᠨ ᠬᠦᠨᠳᠦ | ᠠᠴᠢᠶᠠᠨ ᠤ ᠮᠠᠰᠢᠨ︾ ᠢ ᠳᠡᠯᠭᠡᠷᠡᠭᠦᠯᠵᠦ᠂ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ ᠤᠯᠠᠮ ᠨᠢᠭᠡ ᠠᠯᠬᠤᠮ | ᠪᠠᠭᠤᠷᠠᠭᠤᠯᠵᠤ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | ᠭᠤᠷᠪᠠ ᠳᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠳᠤ ᠬᠠᠮᠵᠢᠯᠴᠠᠨ ᠬᠠᠮᠲᠤᠷᠠᠨ | ᠬᠦᠳᠡᠯᠦᠯᠴᠡᠪᠡ᠃ ᠪᠠᠷᠠᠭᠠᠨ ᠤ ᠭᠦᠢᠯᠭᠡᠭᠡ ᠶᠢᠨ ᠰᠠᠭᠠᠳ ᠥᠬᠡᠶ ᠨᠡᠪᠲᠡᠷᠡᠬᠦ ᠵᠢᠴᠢ ᠴᠠᠭᠠᠨ ᠰᠠᠷ᠎ᠠ ᠶᠢᠨ ᠵᠥᠭᠡᠭᠡᠪᠦᠷᠢ᠂ | ᠵᠣᠨ ᠤ ᠠᠮᠠᠷᠠᠯᠲᠠ ᠶᠢᠨ ᠵᠥᠭᠡᠭᠡᠪᠦᠷᠢ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠴᠠ ᠶᠢ | ᠪᠠᠶᠢᠩᠭᠤᠵᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠰᠢᠰᠲ᠋ᠧᠮ ᠳᠤ ᠲᠦᠰᠢᠭᠯᠡᠨ᠂ ᠵᠠᠮ ᠬᠠᠷᠢᠯᠴᠠᠭᠠᠨ ᠤ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ | ᠡᠩ ᠤᠨ ᠦᠶ᠎ᠡ ᠳᠤ ᠶᠡᠷᠦᠩᠬᠡᠶᠢᠯᠡᠨ ᠬᠢᠨᠠᠨ ᠬᠡᠮᠵᠢᠵᠦ᠂ ᠪᠠᠴᠢᠮ ᠦᠶ᠎ᠡ ᠳᠤ ᠨᠢᠭᠡᠳᠦᠯᠲᠡᠶ ᠵᠢᠯᠣᠭᠤᠳᠤᠨ᠂ ᠡᠨᠧᠷᠭᠢ | ᠶᠢᠨ ᠬᠠᠩᠭᠠᠯᠭ᠎ᠠ ᠶᠢ ᠪᠠᠲᠤᠯᠠᠬᠤ᠂ ᠤᠮᠠᠷᠠᠲᠤ ᠶᠢᠨ ᠠᠮᠤ ᠪᠤᠳᠠᠭ᠎ᠠ ᠶᠢ ᠡᠮᠦᠨᠡᠰᠢ ᠲᠡᠭᠡᠭᠡᠪᠦᠷᠢᠯᠡᠬᠦ᠂ ᠣᠯᠠᠨ ᠲᠦᠮᠡᠨ ᠤ | ᠶᠠᠪᠤᠵᠤ ᠰᠠᠭᠤᠬᠤ ᠶᠢ ᠪᠦᠲᠦᠮᠵᠢᠲᠡᠶ ᠪᠠᠲᠤᠯᠠᠪᠠ᠃ ᠵᠠᠮ ᠬᠠᠷᠢᠯᠴᠠᠭ᠎ᠠ᠂ ᠴᠠᠭ ᠠᠭᠤᠷ᠂ ᠳᠣᠲᠣᠭᠠᠳᠤ ᠶᠢ | ᠬᠠᠮᠠᠭᠠᠯᠠᠬᠤ ︽ᠨᠢᠭᠡ ᠵᠠᠮ ᠣᠯᠠᠨ ᠲᠠᠯ᠎ᠠ︾ ᠶᠢᠨ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠪᠠ | ᠰᠡᠷᠡᠮᠵᠢᠯᠡᠭᠦᠯᠬᠦ ᠶᠢ ︽ᠳᠠᠭᠤᠳᠠᠨ ᠳᠠᠭᠠᠬᠤ︾ ᠲᠣᠭᠲᠠᠴᠠ ᠶᠢ ᠪᠠᠶᠢᠭᠤᠯᠵᠤ᠂ ᠱᠠᠲᠤ ᠬᠤᠪᠢᠶᠠᠨ ᠳᠠᠭᠠᠬᠤ ᠠᠵᠢᠯ | ᠤᠨ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠪᠥᠬᠦ ᠬᠡᠯᠬᠢᠶ᠎ᠡ ᠶᠢ ᠮᠥᠷᠳᠡᠨ ᠦᠷ᠎ᠡ ᠪᠦᠲᠦᠮᠵᠢ ᠶᠢ ᠨᠢ ᠠᠰᠠᠭᠤᠨ᠎ᠠ᠃ | ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠬᠠᠮᠲᠤᠷᠠᠭᠰᠠᠨ ᠬᠤᠷᠠᠯ ᠤᠨ | ᠲᠣᠭᠲᠠᠴᠠ ᠳᠤ ᠲᠦᠰᠢᠭᠯᠡᠨ᠂ ᠭᠤᠤᠯᠳᠠᠯᠭ᠎ᠠ ᠲᠠᠢ ᠳᠠᠯᠳᠠ ᠬᠡᠮ ᠪᠣᠯᠤᠨ ᠳᠣᠪᠤᠶᠢᠮ᠎ᠠ ᠠᠰᠠᠭᠤᠳᠠᠯ ᠢ ᠴᠡᠭᠴᠡᠯᠡᠨ | ᠵᠠᠰᠠᠪᠠ᠃ ᠰᠢ ᠠᠨ ᠤ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠶᠢᠴᠠᠭᠠᠵᠤ᠂ | ᠬᠠᠮᠢᠶᠠᠷᠤᠯᠲᠠ ᠪᠠᠨ ᠵᠢᠷᠤᠮᠵᠢᠭᠤᠯᠤᠨ᠂ ᠰᠢᠰᠲ᠋ᠧᠮ ᠬᠡᠰᠡᠭ ᠤᠨ ᠬᠠᠮᠢᠶᠠᠷᠤᠯᠲᠠ ᠶᠢ ᠤᠶᠠᠯᠳᠤᠭᠤᠯᠤᠭᠰᠠᠨ᠂ ᠣᠷᠣᠨ | ᠬᠤᠲᠠ ᠬᠤᠶᠠᠷ ᠱᠠᠲᠤ ᠬᠠᠷᠢᠯᠴᠠᠨ ᠬᠥᠳᠡᠯᠦᠯᠴᠡᠭᠰᠡᠨ ᠣᠷᠣᠨ ᠨᠤᠲᠤᠭ ᠤᠨ ᠲᠡᠮᠦᠷ ᠵᠠᠮ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ︽ᠵᠠᠮ ᠬᠠᠷᠢᠯᠴᠠᠭᠠᠨ ᠤ ᠴᠠᠭᠳᠠᠭ᠎ᠠ ᠬᠤᠯᠪᠣᠭᠠᠯᠠᠬᠤ᠂ ᠣᠷᠣᠨ | ᠪᠦᠰᠡ ᠬᠤᠯᠪᠣᠭᠠᠯᠠᠨ ᠬᠥᠳᠡᠯᠦᠯᠴᠡᠬᠦ᠂ ᠵᠠᠰᠠᠭ ᠤᠨ ᠣᠷᠳᠣᠨ ᠠᠵᠤ ᠠᠬᠤᠶᠢᠯᠠᠯ ᠬᠠᠮᠲᠤᠷᠠᠯᠴᠠᠬᠤ᠂ ᠮᠡᠳᠡᠭᠡ ᠵᠠᠩᠭᠢ ᠶᠢ | ᠬᠠᠮᠲᠤ ᠪᠠᠷ ᠭᠥᠷᠳᠡᠬᠦ᠂ ᠬᠢᠨᠠᠯᠲᠠ ᠬᠠᠮᠢᠶᠠᠷᠤᠯᠲᠠ ᠬᠤᠯᠪᠣᠭᠠᠯᠠᠨ ᠰᠢᠶᠳᠪᠦᠷᠢᠯᠡᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠬᠠᠤᠯᠢ ᠬᠡᠷᠡᠭᠵᠢᠭᠦᠯᠬᠦ︾ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠶᠡᠷᠦᠩᠬᠡᠶᠢᠯᠡᠨ | ᠵᠠᠰᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠠᠳᠠᠯᠢ ᠨᠢᠭᠡᠨ ᠨᠡᠪᠲᠡᠷᠡᠬᠦ ᠵᠠᠮ ᠤᠨ ᠵᠠᠰᠠᠮᠠᠯ ᠵᠠᠮ ᠲᠡᠮᠦᠷ ᠵᠠᠮ ᠤᠨ | ᠠᠵᠢᠯᠯᠠᠭᠠᠨ ᠪᠠ ᠵᠠᠮ ᠲᠠᠭᠠᠤ ᠶᠢᠨ ᠠᠮᠤᠷ ᠲᠦᠪᠰᠢᠨ ᠢ ᠪᠠᠲᠤᠯᠠᠪᠠ᠃ | | ᠡᠬᠡ ᠪᠢᠴᠢᠭ᠄ ᠲᠢᠩᠬᠢᠮ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ | |