ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠣᠬᠤ ᠲᠡᠷᠭᠡ᠄ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠣᠤᠷᠠᠬᠢ ᠣᠨᠴᠣᠭᠤᠶ ᠪᠠᠶᠢᠳᠠᠯ ᠲᠣᠬᠢᠶᠠᠯᠳᠤᠪᠠᠯ᠂ ᠬᠡᠷᠬᠢᠨ ᠰᠢᠢᠳᠪᠦᠷᠢᠯᠡᠬᠦ ᠪᠣᠶ︖
ᠨᠡᠶᠢᠲᠡᠯᠡᠭᠰᠡᠨ ᠴᠠᠭ᠄
2024/12/25
    ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠤᠨ ᠬᠤᠷᠢᠨ ᠳᠥᠷᠪᠡᠳᠦᠭᠡᠷ ᠵᠦᠢᠯ  ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠣᠤᠷᠠᠬᠢ ᠮᠡᠲᠦ ᠣᠨᠴᠠᠭᠠᠶ ᠪᠠᠶᠢᠳᠠᠯ ᠳᠤ ᠲᠣᠬᠢᠶᠠᠯᠳᠤᠪᠠᠯ᠂ ᠳᠣᠤᠷᠠᠬᠢ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠶ᠄ ︵ᠨᠢᠭᠡ︶ ᠠᠶᠠᠨᠴᠢᠳ ᠦᠢᠯᠡᠴᠢᠯᠡᠭᠡ ᠳᠤ ᠬᠠᠨᠤᠮᠵᠢ ᠥᠬᠡᠶ ᠪᠠᠶᠢᠬᠤ ᠦᠶ᠎ᠡ ᠳᠤ᠂ ᠰᠢᠭᠦᠮᠵᠢᠯᠡᠯ ᠰᠠᠨᠠᠯ ᠢ ᠳᠠᠷᠤᠤ ᠬᠢᠴᠢᠶᠡᠩᠭᠦᠶ ᠪᠠᠷ ᠰᠣᠨᠤᠰᠬᠤ ᠬᠡᠷᠡᠭᠲᠡᠢ︔ ︵ᠬᠤᠶᠠᠷ︶ ᠠᠶᠠᠨᠴᠢᠳ ᠤᠨ ᠡᠳ᠋ ᠪᠣᠳᠠᠰ ᠢᠶᠠᠨ ᠭᠡᠭᠡᠭᠰᠡᠨ ᠢ ᠣᠯᠵᠤ ᠮᠡᠳᠡᠪᠡᠯ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠯᠳᠠᠭᠴᠢ ᠳᠤ ᠴᠠᠭ ᠲᠤᠬᠠᠶ ᠳᠤ ᠨᠢ ᠪᠤᠴᠠᠭᠠᠨ᠎ᠠ᠃ ᠠᠯᠳᠠᠭᠴᠢ ᠶᠢ ᠡᠷᠢᠵᠦ ᠣᠯᠬᠤ ᠶᠢᠨ ᠠᠷᠭ᠎ᠠ ᠦᠭᠡᠶ ᠪᠣᠯ ᠴᠠᠭ ᠲᠤᠬᠠᠶ ᠳᠤ ᠨᠢ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠠᠵᠤ ᠠᠬᠤᠶᠢᠯᠠᠯ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠬᠦ ᠬᠡᠷᠡᠭᠲᠡᠶ᠂ ᠳᠤᠷ᠎ᠠ ᠪᠠᠷ ᠢᠶᠠᠨ ᠦᠯᠡᠳᠡᠭᠡᠨ ᠠᠪᠴᠤ ᠪᠣᠯᠬᠤ ᠦᠭᠡᠢ︔ ︵ᠭᠤᠷᠪᠠ︶ ᠠᠶᠠᠨᠴᠢᠳ ᠤᠨ ᠦᠯᠡᠳᠡᠭᠡᠭᠰᠡᠨ ᠠᠶᠤᠯ ᠲᠠᠢ ᠪᠣᠳᠠᠰ ᠪᠠᠶᠢᠬᠤ ᠶᠢ ᠣᠯᠵᠤ ᠮᠡᠳᠡᠪᠡᠯ ᠳᠠᠷᠦ᠋ᠢᠬᠠᠨ ᠴᠠᠭᠳᠠᠭ᠎ᠠ ᠳᠤ ᠮᠡᠳᠡᠭᠦᠯᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号