ᠪᠠᠷᠠᠭ᠎ᠠ ᠲᠡᠭᠡᠭᠡᠪᠦᠷᠢ᠄ ᠲᠤᠰᠬᠠᠶ ᠠᠵᠢᠯᠯᠠᠬᠤ ᠲᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠳᠤ ᠭᠠᠷᠬᠤ ᠳᠤ ᠬᠡᠮᠵᠢᠶ᠎ᠡ ᠠᠴᠠ ᠬᠡᠲᠦᠷᠡᠭᠦᠯᠦᠭᠰᠡᠨ ᠪᠠᠷᠢᠮᠵᠢᠶ᠎ᠠ ᠨᠢ ᠶᠠᠭᠤ ᠪᠣᠶ︖
ᠨᠡᠶᠢᠲᠡᠯᠡᠭᠰᠡᠨ ᠴᠠᠭ᠄
2024/12/26
    ︽ᠮᠠᠰᠢᠨ ᠲᠡᠷᠭᠡ᠂ ᠴᠢᠷᠦᠭᠦᠯ ᠲᠡᠷᠭᠡ ᠵᠢᠴᠢ ᠮᠠᠰᠢᠨ ᠲᠡᠷᠭᠡᠨ ᠤ ᠴᠣᠪᠤᠭ᠎ᠠ ᠲᠡᠷᠭᠡ ᠶᠢᠨ ᠭᠠᠳᠠᠷ ᠬᠥᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ ᠵᠢᠴᠢ ᠮᠠᠰ ᠤᠨ ᠬᠢᠵᠠᠭᠠᠷᠯᠠᠯ︾ ︵GB158-2016︶ ᠪᠠ       ︽ᠬᠡᠮᠵᠢᠶ᠎ᠡ ᠠᠴᠠ  ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠵᠠᠰᠠᠮᠠᠯ ᠵᠠᠮ ᠢᠶᠠᠷ ᠶᠠᠪᠤᠬᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠭᠠᠯ ᠤᠨᠲᠠᠷᠠᠭᠠᠬᠤ ᠲᠡᠷᠭᠡ᠂ ᠰᠠᠭᠠᠳ ᠢ ᠠᠷᠢᠯᠭᠠᠬᠤ ᠲᠡᠷᠭᠡ᠂ ᠪᠧᠲ᠋ᠤᠨ ᠬᠥᠭᠡᠷᠭᠡ ᠶᠢᠨ ᠲᠡᠷᠭᠡ᠂ ᠲᠣᠰᠣᠨ ᠠᠭᠤᠷᠬᠠᠢ ᠶᠢᠨ ᠲᠤᠰᠬᠠᠢ ᠠᠵᠢᠯᠯᠠᠬᠤ ᠲᠡᠷᠭᠡ᠂ ᠮᠠᠰᠢᠨ ᠲᠡᠷᠭᠡᠨ ᠤ ᠡᠷᠭᠦᠭᠦᠷ ᠮᠠᠰᠢᠨ ᠵᠡᠷᠭᠡ ᠲᠤᠰᠬᠠᠢ ᠠᠵᠢᠯᠯᠠᠬᠤ ᠲᠡᠷᠭᠡ᠂ ᠡᠯ᠎ᠡ ᠲᠡᠩᠭᠡᠯᠢᠭ ᠤᠨ ᠬᠠᠮᠤᠭ ᠤᠨ ᠶᠡᠭᠡ ᠵᠥᠪᠰᠢᠶᠡᠷᠡᠬᠦ ᠲᠡᠩᠭᠡᠯᠢᠭ ᠤᠨ ᠳᠠᠭᠠᠭᠠᠴᠠ ᠶᠢ 13000kg ᠠᠴᠠ ᠬᠡᠲᠦᠷᠡᠭᠦᠯᠵᠦ ᠪᠣᠯᠬᠤ ᠦᠭᠡᠢ᠂ ᠬᠠᠮᠤᠭ ᠤᠨ ᠶᠡᠭᠡ ᠵᠥᠪᠰᠢᠶᠡᠷᠡᠬᠦ ᠶᠡᠷᠦᠩᠬᠡᠢ ᠮᠠᠰ ᠢ 55000kg ᠠᠴᠠ ᠬᠡᠲᠦᠷᠡᠭᠦᠯᠵᠦ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠲᠣᠭᠲᠠᠭᠠᠯ ᠳᠤ ᠨᠡᠶᠢᠴᠡᠬᠦ ᠬᠦᠢᠲᠡᠨ ᠢᠶᠠᠷ ᠬᠠᠳᠠᠭᠠᠯᠠᠬᠤ ᠲᠡᠷᠭᠡ᠂ ᠮᠠᠰᠢᠨ ᠲᠡᠷᠭᠡᠨ ᠤ ᠴᠣᠪᠤᠭ᠎ᠠ ᠲᠡᠷᠭᠡ᠂ ᠠᠭᠠᠷ ᠤᠨ ᠲᠠᠯᠪᠢᠭᠤᠷ ᠲᠠᠭᠠᠷᠠᠭᠤᠯᠤᠭᠰᠠᠨ ᠲᠡᠷᠭᠡ ᠵᠢᠴᠢ ᠲᠤᠰᠬᠠᠶ ᠠᠵᠢᠯᠯᠠᠬᠤ ᠲᠡᠷᠭᠡ ᠶᠢ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠭᠡᠵᠦ ᠦᠨᠡᠮᠰᠢᠬᠦ ᠦᠭᠡᠶ᠂ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠬᠠᠤᠯᠢ ᠶᠣᠰᠣᠭᠠᠷ ᠨᠡᠪᠲᠡᠷᠡᠵᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号