ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠭᠠᠴᠠᠭ᠎ᠠ ᠳᠤ ᠬᠦᠷᠴᠦ ᠲᠣᠬᠤᠨᠢᠭᠤᠯᠤᠨ ᠶᠠᠷᠢᠯᠴᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/12/27
    12 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ           ᠵᠠᠩ ᡁᠢ ᠴᠢᠤᠸᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠥᠷᠥᠯ ᠤᠨ ᠰᠢᠰᠲ᠋ᠧᠮ ᠢᠶᠠᠷ  ᠢᠶᠠᠨ ᠬᠠᠪᠰᠤᠷᠤᠨ ᠲᠡᠳᠬᠦᠬᠦ ᠴᠡᠭ — ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠠᠯᠳᠠᠷᠲᠤ ᠭᠠᠴᠠᠭ᠎ᠠ ᠪᠣᠯᠤᠨ ᠰᠢᠨ ᠯᠢᠨ ᠲᠣᠰᠬᠤᠨ ᠳᠤ ᠬᠦᠷᠴᠦ᠂ ᠲᠢᠩᠬᠢᠮ ᠤᠨ ᠲᠤᠰᠬᠤᠨ ᠳᠤ ᠰᠠᠭᠤᠭ᠎ᠠ ᠺᠠᠳ᠋ᠷ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠥᠷᠨᠢᠭᠦᠯᠪᠡ᠃
1227-1.jpg
    ᠲᠣᠬᠤᠨᠢᠭᠤᠯᠬᠤ ᠳᠤᠭᠤᠶᠢᠯᠠᠩ ᠤᠨ ᠬᠢᠨ ᠠᠯᠳᠠᠷᠲᠤ ᠭᠠᠴᠠᠭ᠎ᠠ ᠪᠣᠯᠤᠨ ᠰᠢᠨ ᠯᠢᠨ ᠲᠣᠰᠬᠤᠨ ᠤ ᠨᠢᠭᠡᠳᠦᠭᠡᠷ ᠱᠦᠵᠢ ᠶᠢᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠦᠷ᠎ᠡ ᠪᠦᠲᠦᠮᠵᠢ᠂ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠣᠯᠤᠨ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠢᠩᠬᠢᠮ ᠠᠴᠠ ᠲᠣᠮᠢᠯᠠᠭᠰᠠᠨ ᠲᠤᠰᠬᠤᠨ ᠳᠤ ᠰᠠᠭᠤᠭ᠎ᠠ ᠺᠠᠳ᠋ᠷᠴᠤᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠠᠭᠤᠰᠤᠯᠴᠠᠭᠤᠯᠤᠨ᠂ ᠪᠤᠳᠤᠯ ᠰᠡᠳᠬᠢᠮᠵᠢ ᠪᠠᠨ ᠥᠷᠭᠡᠳᠬᠡᠵᠦ᠂ ᠠᠮᠵᠢᠯᠲᠠ ᠪᠦᠲᠦᠮᠵᠢ ᠪᠠᠨ ᠪᠤᠳᠠᠳᠠᠶᠢᠵᠢᠭᠤᠯᠤᠨ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ  ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠴᠢᠷᠮᠠᠶᠢᠨ ᠰᠢᠢᠳᠪᠦᠷᠢᠯᠡᠵᠦ᠂ ᠯᠠᠪᠳᠠᠭᠤᠨ ᠪᠠᠲᠤᠲᠠᠢ ᠰᠤᠷᠲᠠᠯ ᠢᠶᠠᠷ ᠵᠠᠮ ᠬᠠᠷᠢᠯᠴᠠᠭᠠᠨ ᠤ ᠺᠠᠳ᠋ᠷ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠰᠠ ᠪᠠᠯᠭᠠᠰᠤ ᠲᠣᠰᠬᠤᠨ ᠤ ᠬᠤᠯᠪᠣᠭᠳᠠᠯ ᠪᠥᠬᠦᠶ ᠨᠥᠬᠦᠳ ᠤᠨ ᠣᠷᠣᠨ ᠪᠦᠰᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠨᠴᠠᠯᠢᠬᠳᠤ ᠠᠵᠤ ᠦᠶᠯᠡᠰ᠂ ᠬᠡᠷᠡᠭᠴᠡᠭᠡ ᠬᠠᠪᠰᠤᠷᠤᠯᠭ᠎ᠠ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ᠃ ᠬᠤᠷᠠᠯ ᠠᠴᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠤᠬᠠᠶ ᠶᠢᠨ ᠭᠠᠵᠠᠷ ᠤᠨ ᠦᠶᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠪᠣᠯᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠭᠠᠴᠠᠭ᠎ᠠ ᠲᠣᠰᠬᠤᠨ ᠢ ᠦᠨᠡᠨ ᠬᠦ ᠬᠠᠪᠰᠤᠷᠤᠨ ᠲᠡᠳᠬᠦᠵᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠨᠢ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ ᠠᠵᠤ ᠦᠶᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ ᠠᠮᠢᠳᠤᠷᠠᠯ ᠪᠠᠶᠠᠨ ᠴᠢᠨᠡᠭᠡᠯᠢᠭ ᠪᠣᠯᠬᠤ ᠶᠢ ᠠᠬᠢᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠦᠲᠦᠮᠵᠢᠲᠡᠶ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃                      ᠡᠬᠡ ᠪᠢᠴᠢᠭ᠄ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号