ᠤᠯᠠᠭᠠᠨᠴᠠᠪ ᠬᠤᠲᠠ 2024 ᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠢ ᠪᠥᠲᠥᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/30
    ᠡᠨᠡ ᠵᠢᠯ ᠠᠴᠠ ᠨᠠᠭᠠᠰᠢ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢᠭᠡᠳᠦᠯᠲᠡᠶ ᠲᠥᠯᠥᠪᠯᠡᠨ ᠬᠠᠮᠳᠤ ᠳᠤ ᠨᠢ ᠬᠠᠷᠠᠭᠠᠯᠵᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠥᠬᠦ ᠵᠢᠯ ᠳᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠫᠤᠤ 1217 ᠪᠠᠶᠢᠭᠤᠯᠵᠤ᠂ ᠪᠥᠬᠦ ᠬᠤᠲᠠ ᠶᠢᠨ ᠬᠤᠰᠢᠭᠤ ᠰᠢᠶᠠᠨ᠂ ᠰᠢᠶᠠᠩ ᠪᠠᠯᠭᠠᠰᠤ᠂ ᠦᠵᠡᠮᠵᠢ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠵᠠᠰᠠᠮᠠᠯ ᠵᠠᠮ ᠳᠠᠭᠠᠤ ᠶᠢᠨ ᠵᠢᠷᠭᠤᠭᠠᠨ ᠶᠡᠭᠡ ᠦᠵᠡᠮᠵᠢ ᠪᠠᠶᠢᠳᠠᠯ ᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠭᠦᠷᠭᠡ ᠶᠢᠨ 102% ᠢ ᠪᠡᠶᠡᠯᠡᠭᠦᠯᠪᠡ᠃    ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ 2025 ᠣᠨ ᠳᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠫᠤᠤ 231 ᠪᠣᠯᠭᠠᠨ ᠪᠠᠶᠢᠭᠤᠯᠬᠤ ᠪᠠᠷ ᠲᠥᠯᠥᠪᠯᠡᠵᠦ ᠪᠣᠶ᠃  ︵ᠰᠦᠨ ᠶᠠ ᠴᠢ︶   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号