ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ | ᠵᠣᠬᠢᠶᠠᠨ ᠪᠠᠶᠢᠭᠤᠯᠵᠤ ᠮᠡᠳᠡᠭᠦᠯᠦᠭᠰᠡᠨ ︽ᠤᠶᠤᠨᠲᠤ ᠬᠦᠨᠳᠦ ᠠᠴᠢᠶᠠᠨ ᠤ ᠮᠠᠰᠢᠨ ᠲᠡᠷᠭᠡᠨ ᠤ ᠬᠢᠯᠢ ᠠᠯᠤᠰᠯᠠᠭᠰᠠᠨ | ᠲᠡᠭᠡᠭᠡᠪᠦᠷᠢ ᠶᠢᠨ ᠲᠥᠷᠥᠯ ᠵᠦᠶᠯ︾ ᠨᠢ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠰᠣᠨᠢᠨ ᠤ ᠬᠤᠷᠢᠶ᠎ᠠ ᠠᠴᠠ | ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠤᠶᠤᠨᠲᠤ ᠵᠠᠮ ᠬᠠᠷᠢᠯᠴᠠᠭᠠᠨ ᠤ ᠠᠵᠤ ᠦᠶᠯᠡᠰ ᠤᠨ ᠬᠤᠯᠪᠣᠭ᠎ᠠ | ᠠᠴᠠ ᠬᠠᠮᠵᠢᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠤᠶᠤᠨᠲᠤ ᠵᠠᠮ ᠬᠠᠷᠢᠯᠴᠠᠭᠠᠨ ᠤ ᠬᠡᠷᠡᠭᠯᠡᠭᠡᠨ ᠤ ᠠᠬᠤᠶ | ᠲᠠᠯᠠᠪᠠᠶ ᠶᠢᠨ ᠰᠢᠨ᠎ᠡ ᠶᠢ ᠡᠭᠦᠳᠬᠦ ᠦᠶᠯᠡᠳᠦᠯᠭᠡ ᠶᠢᠨ ᠰᠢᠯᠢᠳᠡᠭ ᠬᠡᠷᠡᠭ ᠤᠨ ᠵᠢᠱᠢᠶ᠎ᠡ ᠶᠢ ᠡᠯᠰᠡᠬᠦ ᠠᠵᠢᠯᠯᠠᠭ᠎ᠠ ᠶᠢᠨ | ᠡᠴᠦᠰ ᠤᠨ ᠦᠨᠡᠯᠡᠯᠲᠡ ᠶᠢᠨ ᠰᠣᠯᠢᠯᠴᠠᠭᠠᠨ ᠤ ᠬᠤᠷᠠᠯ ᠤᠨ ᠠᠩᠬᠠᠨ ᠤ ᠰᠢᠯᠭᠠᠷᠠᠭᠤᠯᠤᠯᠲᠠ ᠶᠢᠨ 125 ᠲᠥᠷᠥᠯ | ᠵᠦᠶᠯ ᠳᠤᠮᠳᠠ ᠠᠴᠠ ᠴᠣᠯᠭᠤᠷᠠᠨ ᠭᠠᠷᠴᠤ᠂ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠤᠶᠤᠨᠲᠤ ᠵᠠᠮ | ᠬᠠᠷᠢᠯᠴᠠᠭᠠᠨ ᠤ ᠬᠡᠷᠡᠭᠯᠡᠭᠡᠨ ᠤ ᠠᠬᠤᠶ ᠲᠠᠯᠠᠪᠠᠶ ᠶᠢᠨ ᠰᠢᠨ᠎ᠡ ᠶᠢ ᠡᠭᠦᠳᠬᠦ ᠦᠶᠯᠡᠳᠦᠯᠭᠡ ᠶᠢᠨ ︽ᠰᠢᠯᠢᠳᠡᠭ ᠬᠡᠷᠡᠭ | ᠤᠨ ᠵᠢᠱᠢᠶ᠎ᠡ︾ ᠶᠢ ᠭᠥᠷᠳᠡᠪᠡ᠃ | | | | ᠲᠣᠰ ᠲᠥᠷᠥᠯ ᠵᠦᠶᠯ ᠢ ᠬᠡᠷᠡᠭᠵᠢᠭᠦᠯᠦᠭᠰᠡᠨ ᠨᠢ ᠤᠯᠤᠰ ᠤᠨ ᠳᠣᠲᠣᠭᠠᠳᠤ ᠶᠢᠨ ᠬᠠᠭᠤᠷᠠᠶ ᠵᠠᠮ ᠤᠨ ᠪᠣᠭᠤᠮᠲᠠ | ᠶᠢᠨ ᠣᠶᠤᠨᠴᠢᠯᠠᠭᠰᠠᠨ ᠬᠤᠭᠤᠰᠣᠨ ᠢ ᠨᠥᠬᠦᠪᠥᠷᠢᠯᠡᠵᠦ᠂ ᠴᠡᠭᠡ ᠪᠣᠭᠤᠮᠲᠠ ᠨᠢ ᠪᠥᠬᠦ ᠤᠯᠤᠰ ᠤᠨ ᠠᠩᠬᠠᠳᠠᠭᠴᠢ | ︽ᠠᠦ᠋ᠲ᠋ᠣ᠋ ᠵᠢᠯᠣᠭᠤᠳᠣᠯᠭ᠎ᠠ︾ ᠶᠢᠨ ᠬᠢᠯᠢ ᠠᠯᠤᠰᠯᠠᠭᠰᠠᠨ ᠲᠡᠭᠡᠭᠡᠪᠦᠷᠢ ᠶᠢ ᠪᠡᠶᠡᠯᠡᠭᠦᠯᠦᠭᠰᠡᠨ ᠬᠠᠭᠤᠷᠠᠶ ᠵᠠᠮ ᠤᠨ | ᠪᠣᠭᠤᠮᠲᠠ ᠪᠣᠯᠤᠨ ᠤᠯᠤᠰ ᠤᠨ ᠳᠣᠲᠣᠭᠠᠳᠤ ᠶᠢᠨ ᠠᠩᠬᠠᠳᠠᠭᠴᠢ 5G ᠣᠷᠴᠢᠨ ᠲᠣᠭᠤᠷᠢᠨ ᠳᠤ ᠰᠠᠭᠤᠷᠢᠯᠠᠭᠰᠠᠨ | ᠭᠠᠷᠤᠯᠲᠠ ᠶᠢᠨ ᠲᠠᠰ᠂ ᠦᠨᠳᠦᠷ ᠨᠠᠶᠢᠳᠠᠪᠤᠷᠢᠲᠤ ᠴᠢᠨᠠᠷ ᠪᠥᠬᠦᠶ ᠵᠢᠯᠤᠭᠤᠴᠢ ᠦᠭᠡᠢ ᠴᠢᠩᠬᠡᠯᠢᠭᠲᠦ ᠬᠦᠨᠳᠦ | ᠠᠴᠢᠶᠠᠨ ᠤ ᠮᠠᠰᠢᠨ ᠲᠡᠷᠭᠡ ᠶᠢᠨ ᠤᠶᠤᠨᠲᠤ ᠪᠣᠭᠤᠮᠲᠠ ᠪᠣᠯᠤᠭᠰᠠᠨ ᠪᠠᠶᠢᠨ᠎ᠠ᠃ | ᠦᠵᠡᠭᠳᠡᠮ᠎ᠡ ᠦᠷ᠎ᠡ ᠪᠦᠲᠦᠮᠵᠢ | ᠣᠳᠣᠬᠠᠨ ᠳᠤ᠂ ᠴᠡᠭᠡ ᠪᠣᠭᠤᠮᠲᠠ ᠳᠤ ᠨᠢᠭᠡᠨᠲᠡ 10 ᠤᠶᠤᠨᠲᠤ ᠬᠦᠨᠳᠦ ᠠᠴᠢᠶᠠᠨ ᠤ ᠮᠠᠰᠢᠨ ᠲᠡᠷᠭᠡ᠂ 23 | AGV ᠠᠦ᠋ᠲ᠋ᠣ᠋ ᠵᠠᠯᠠᠬᠤ ᠲᠡᠷᠭᠡ᠂ ᠪᠤᠭᠤᠮᠲᠠ ᠪᠠᠷ ᠨᠡᠶᠢᠲᠡ 15995 ᠲᠡᠷᠭᠡ ᠤᠳᠠᠭ᠎ᠠ ᠦᠩᠭᠡᠷᠡᠵᠦ᠂ ᠪᠠᠷᠠᠭ᠎ᠠ | ᠲᠡᠭᠡᠭᠡᠪᠦᠷᠢ ᠶᠢᠨ ᠬᠡᠮᠵᠢᠶ᠎ᠡ 120.68 ᠲᠦᠮᠡᠨ ᠲᠣᠨ ᠳᠤ ᠬᠦᠷᠴᠡᠶ᠃ | | | ᠡᠬᠡ ᠪᠢᠴᠢᠭ᠄ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ |