︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠳᠥᠴᠢᠨ | ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ ᠢ | ᠳᠤᠷ᠎ᠠ ᠪᠠᠷ ᠢᠶᠠᠨ ᠡᠵᠡᠯᠡᠨ ᠬᠡᠷᠡᠭᠯᠡᠵᠦ᠂ ᠮᠠᠯᠲᠠᠵᠤ ᠪᠣᠯᠬᠤ ᠦᠭᠡᠶ᠃ | ᠳᠠᠯᠠᠨ ᠵᠢᠷᠭᠤᠳᠤᠭᠠᠷ ᠵᠦᠢᠯ ᠤᠨ ︵ᠨᠢᠭᠡ︶ ᠳ᠋ᠦᠭᠡᠷ ᠵᠤᠷᠪᠤᠰ ᠲᠤ ᠳᠣᠤᠷᠠᠬᠢ ᠮᠡᠲᠦ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠤᠷᠪᠠᠨ | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠄ ︵ᠨᠢᠭᠡ︶ ᠲᠤᠰ ᠬᠠᠤᠯᠢ ᠶᠢᠨ ᠳᠥᠴᠢᠨ | ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠨ᠂ ᠵᠠᠰᠠᠮᠠᠯ ᠵᠠᠮ ᠢ ᠳᠤᠷ᠎ᠠ ᠪᠠᠷ ᠢᠶᠠᠨ | ᠡᠵᠡᠯᠡᠨ ᠬᠡᠷᠡᠭᠯᠡᠭᠰᠡᠨ᠂ ᠮᠠᠯᠲᠠᠭᠰᠠᠨ᠃ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠬᠤᠷᠢᠨ ᠳᠣᠯᠣᠳᠤᠭᠠᠷ ᠵᠦᠢᠯ ᠤᠨ | ︵ᠨᠢᠭᠡ︶ ᠳ᠋ᠦᠭᠡᠷ ᠵᠤᠷᠪᠤᠰ ᠲᠤ ᠳᠣᠤᠷᠠᠬᠢ ᠮᠡᠲᠦ ᠵᠠᠮ ᠲᠠᠢ ᠬᠤᠯᠪᠣᠭᠳᠠᠬᠤ ᠪᠠᠷᠢᠯᠭ᠎ᠠ ᠶᠢᠨ ᠠᠵᠢᠯᠯᠠᠭ᠎ᠠ ᠶᠢ ᠬᠢᠬᠦ ᠳᠤ᠂ | ᠪᠦᠲᠦᠭᠡᠨ ᠪᠠᠶᠢᠭᠤᠯᠬᠤ ᠨᠢᠭᠡᠴᠢ ᠨᠢ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠯ | ᠳᠤᠷᠠᠳᠬᠤ ᠬᠡᠷᠡᠭᠲᠡᠶ᠄ ︵ᠨᠢᠭᠡ︶ ᠲᠡᠮᠦᠷ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠠᠩᠭᠠᠬᠤ᠂ ᠤᠰᠤᠨ | ᠠᠰᠢᠭᠯᠠᠯᠲᠠ᠂ ᠴᠢᠮᠡᠭᠡ ᠬᠤᠯᠪᠣᠭ᠎ᠠ ᠵᠠᠰᠠᠨ ᠪᠠᠶᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠠᠴᠠ | ᠪᠣᠯᠵᠤ ᠵᠠᠰᠠᠮᠠᠯ ᠵᠠᠮ᠂ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠵᠠᠰᠠᠮᠠᠯ ᠵᠠᠮ ᠤᠨ | ᠱᠤᠭᠤᠮ ᠢ ᠥᠭᠡᠷᠡᠴᠢᠯᠡᠬᠦ ᠴᠢᠬᠤᠯᠠᠲᠠᠢ᠃ | ᠵᠢᠷᠠᠨ ᠬᠤᠶᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠵᠥᠪᠰᠢᠶᠡᠷᠡᠯ ᠦᠭᠡᠶ ᠪᠠᠷ ᠲᠤᠰ | ᠳᠦᠷᠢᠮ ᠤᠨ ᠬᠤᠷᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠲᠤ | ᠲᠣᠭᠲᠠᠭᠠᠭᠰᠠᠨ ᠵᠠᠮ ᠳᠤ ᠬᠤᠯᠪᠣᠭᠳᠠᠭᠰᠠᠨ ᠪᠠᠷᠢᠯᠭ᠎ᠠ ᠶᠢᠨ ᠠᠵᠢᠯᠯᠠᠭ᠎ᠠ ᠬᠢᠭᠰᠡᠨ ᠪᠣᠯ ᠵᠠᠰᠠᠮᠠᠯ ᠵᠠᠮ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ 3 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ᠂ ᠵᠥᠪᠰᠢᠶᠡᠷᠡᠯ ᠦᠭᠡᠶ ᠪᠠᠷ ᠲᠤᠰ ᠳᠦᠷᠢᠮ ᠤᠨ ᠬᠤᠷᠢᠨ ᠳᠣᠯᠣᠳᠤᠭᠠᠷ | ᠵᠦᠢᠯ ᠤᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠵᠠᠮ ᠳᠤ ᠬᠤᠯᠪᠣᠭᠳᠠᠭᠰᠠᠨ ᠪᠠᠷᠢᠯᠭ᠎ᠠ ᠶᠢᠨ ᠠᠵᠢᠯᠯᠠᠭ᠎ᠠ | ᠬᠢᠭᠰᠡᠨ ᠪᠣᠯ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ 5 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ |