︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠭᠠᠯ︾ | ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ | 2019 ᠣᠨ ᠤ 19 ᠳ᠋ᠦ᠋ᠭᠡᠷ ᠲᠣᠭᠠᠲᠤ︶ ᠤᠨ ᠳᠣᠯᠣᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠮ | ᠲᠡᠭᠡᠭᠡᠪᠦᠷᠢ ᠶᠢᠨ ᠡᠵᠡᠩᠨᠡᠯᠲᠡ ᠬᠢᠵᠦ ᠪᠠᠶᠢᠭ᠎ᠠ ᠲᠡᠷᠭᠡ ᠬᠥᠰᠬᠡ ᠨᠢ ᠳᠣᠤᠷᠠᠬᠢ ᠮᠡᠲᠦ ᠮᠡᠷᠭᠡᠵᠢᠯ ᠤᠨ ᠱᠠᠭᠠᠷᠳᠠᠯᠭ᠎ᠠ | ᠳᠤ ᠨᠡᠶᠢᠴᠡᠭᠰᠡᠨ ᠪᠠᠶᠢᠬᠤ ᠬᠡᠷᠡᠭᠲᠡᠶ᠄ ︵ᠨᠢᠭᠡ︶ ᠲᠡᠷᠭᠡ ᠬᠥᠰᠬᠡ ᠶᠢᠨ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ | ᠤᠨ ᠳᠠᠭᠠᠭᠠᠴᠠ ᠪᠣᠯᠤᠨ ᠬᠠᠮᠤᠭ ᠤᠨ ᠶᠡᠭᠡ ᠵᠥᠪᠰᠢᠶᠡᠷᠡᠭᠰᠡᠨ ᠶᠡᠷᠦᠩᠬᠡᠶ ᠮᠠᠰ ᠨᠢ ︽ᠵᠠᠮ ᠤᠨ ᠲᠡᠷᠭᠡ ᠬᠥᠰᠬᠡ ᠶᠢᠨ | ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ ᠵᠢᠴᠢ ᠮᠠᠰ ᠤᠨ ᠬᠢᠵᠠᠭᠠᠷᠲᠤ ᠬᠡᠮᠵᠢᠭᠳᠡᠯ︾ | ︵GB 1589︶ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ︵ᠬᠤᠶᠠᠷ︶ ᠲᠡᠷᠭᠡ ᠬᠥᠰᠬᠡ ᠶᠢᠨ | ᠮᠡᠷᠭᠡᠵᠢᠯ ᠤᠨ ᠰᠢᠨᠵᠢ ᠴᠢᠳᠠᠯ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠰᠢᠨᠵᠢ | ᠴᠢᠳᠠᠯ ᠤᠨ ᠱᠠᠭᠠᠷᠳᠠᠯᠭ᠎ᠠ ᠪᠣᠯᠤᠨ ᠰᠢᠯᠭᠠᠨ ᠪᠠᠶᠢᠴᠠᠭᠠᠬᠤ ᠠᠷᠭ᠎ᠠ︾ ︵GB 18565︶ ᠶᠢᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ︔ ︵ᠭᠤᠷᠪᠠ︶ ᠲᠡᠷᠭᠡᠨ ᠬᠡᠯᠪᠡᠷᠢ ᠶᠢᠨ ᠲᠦᠯᠡᠰᠢᠨ ᠤ ᠬᠤᠷᠣᠭᠳᠠᠯ ᠤᠨ | ᠬᠡᠮᠵᠢᠶ᠎ᠡ ᠶᠢᠨ ᠬᠢᠵᠠᠭᠠᠷᠲᠤ ᠬᠡᠮᠵᠢᠭᠳᠡᠯ ᠨᠢ ︽ᠲᠡᠭᠡᠭᠡᠪᠦᠷᠢ ᠡᠵᠡᠩᠨᠡᠵᠦ ᠪᠠᠶᠢᠭ᠎ᠠ ᠠᠶᠠᠨᠴᠢᠳ ᠤᠨ ᠲᠡᠷᠭᠡ ᠶᠢᠨ | ᠲᠦᠯᠡᠰᠢᠨ ᠤ ᠬᠤᠷᠣᠭᠳᠠᠯ ᠤᠨ ᠬᠡᠮᠵᠢᠶ᠎ᠡ ᠶᠢᠨ ᠬᠢᠵᠠᠭᠠᠷᠲᠤ ᠬᠡᠮᠵᠢᠭᠳᠡᠯ ᠵᠢᠴᠢ ᠬᠡᠮᠵᠢᠬᠦ ᠠᠷᠭ᠎ᠠ︾ ︵JT 711︶᠂ | ︽ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢᠨ ᠲᠦᠯᠡᠰᠢᠨ ᠤ ᠬᠤᠷᠣᠭᠳᠠᠯ ᠤᠨ ᠬᠡᠮᠵᠢᠶ᠎ᠡ ᠶᠢᠨ | ᠬᠢᠵᠠᠭᠠᠷᠲᠤ ᠬᠡᠮᠵᠢᠭᠳᠡᠯ ᠵᠢᠴᠢ ᠬᠡᠮᠵᠢᠬᠦ ᠠᠷᠭ᠎ᠠ︾ ︵JT 719︶ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠃ ︵ᠳᠥᠷᠪᠡ︶ ᠲᠡᠷᠭᠡ ᠬᠥᠰᠬᠡ ᠶᠢᠨ ᠮᠡᠷᠭᠡᠵᠢᠯ ᠤᠨ ᠳᠡᠰ ᠨᠢ ᠬᠤᠶᠠᠳᠤᠭᠠᠷ ᠳᠡᠰ ᠠᠴᠠ ᠳᠡᠭᠡᠭᠰᠢ | ᠬᠦᠷᠦᠭᠰᠡᠨ ᠪᠠᠶᠢᠬᠤ ᠬᠡᠷᠡᠭᠲᠡᠶ᠃ ᠠᠶᠤᠯᠲᠠᠢ ᠪᠠᠷᠠᠭᠠᠨ ᠤ ᠲᠡᠭᠡᠭᠡᠪᠦᠷᠢ ᠶᠢᠨ ᠲᠡᠷᠭᠡ᠂ ᠣᠯᠠᠨ ᠤᠯᠤᠰ ᠤᠨ ᠵᠠᠮ | ᠲᠡᠭᠡᠭᠡᠪᠦᠷᠢ ᠶᠢᠨ ᠲᠡᠷᠭᠡ ᠬᠥᠰᠬᠡ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ | ᠡᠵᠡᠩᠨᠡᠯᠲᠡ ᠶᠢᠨ ᠵᠠᠮ ᠱᠤᠭᠤᠮ ᠤᠨ ᠤᠷᠲᠤ ᠨᠢ 800 ᠺᠢᠯᠣᠮᠧᠲᠷ ᠠᠴᠠ ᠳᠡᠭᠡᠭᠰᠢᠬᠢ ᠠᠶᠠᠨᠴᠢᠳ ᠤᠨ ᠲᠡᠷᠭᠡ ᠶᠢᠨ | ᠮᠡᠷᠭᠡᠵᠢᠯ ᠤᠨ ᠳᠡᠰ ᠨᠢ ᠨᠢᠭᠡᠳᠦᠭᠡᠷ ᠳᠡᠰ ᠲᠤ ᠬᠦᠷᠦᠭᠰᠡᠨ ᠪᠠᠶᠢᠬᠤ ᠬᠡᠷᠡᠭᠲᠡᠶ᠃ ᠮᠡᠷᠭᠡᠵᠢᠯ ᠤᠨ ᠳᠡᠰ ᠢ ᠦᠨᠡᠯᠡᠨ | ᠲᠣᠭᠲᠠᠭᠠᠬᠤ ᠠᠷᠭ᠎ᠠ ᠨᠢ ᠤᠯᠤᠰ ᠤᠨ ᠬᠤᠯᠪᠣᠭᠳᠠᠯ ᠪᠦᠬᠦᠢ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ | ᠤᠨ ᠲᠠᠰ ᠤᠨ ᠬᠤᠪᠢᠶᠠᠷᠢᠯᠠᠯ ᠪᠣᠯᠤᠨ ᠦᠨᠡᠯᠡᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ | ︵ᠲᠠᠪᠤ︶ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ᠂ ᠲᠡᠷᠭᠡ ᠳᠠᠭᠠᠭᠠᠴᠢᠯᠠᠭᠰᠠᠨ | ᠠᠶᠠᠨᠴᠢᠳ ᠤᠨ ᠵᠥᠭᠡᠭᠡᠪᠦᠷᠢ᠂ ᠣᠯᠠᠨ ᠤᠯᠤᠰ ᠤᠨ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠡᠵᠡᠩᠨᠡᠯᠲᠡ ᠶᠢᠨ | ᠵᠠᠮ ᠱᠤᠭᠤᠮ ᠤᠨ ᠤᠷᠲᠤ ᠶᠢᠨ ᠬᠡᠮᠵᠢᠶ᠎ᠡ ᠨᠢ 800 ᠺᠢᠯᠣᠮᠧᠲᠷ ᠠᠴᠠ ᠳᠡᠭᠡᠭᠰᠢᠬᠢ ᠠᠶᠠᠨᠴᠢᠳ ᠤᠨ ᠲᠡᠷᠭᠡ ᠶᠢᠨ | ᠲᠥᠷᠥᠯ ᠬᠡᠯᠪᠡᠷᠢ ᠳᠡᠰ ᠨᠢ ᠳᠤᠮᠳᠠ ᠵᠡᠷᠭᠡ ᠠᠴᠠ ᠳᠡᠭᠡᠭᠰᠢ ᠬᠦᠷᠦᠭᠰᠡᠨ ᠪᠠᠶᠢᠬᠤ ᠬᠡᠷᠡᠭᠲᠡᠶ᠃ ᠲᠡᠭᠦᠨ ᠤ ᠲᠥᠷᠥᠯ | ᠬᠡᠯᠪᠡᠷᠢ ᠶᠢ ᠬᠤᠪᠢᠶᠠᠷᠢᠯᠠᠬᠤ ᠪᠠ ᠳᠡᠰ ᠢ ᠦᠨᠡᠯᠡᠨ ᠲᠣᠭᠲᠠᠭᠠᠬᠤ ᠨᠢ ᠤᠯᠤᠰ ᠤᠨ ᠬᠤᠯᠪᠣᠭᠳᠠᠯ ᠪᠦᠬᠦᠢ ᠲᠡᠭᠡᠭᠡᠪᠦᠷᠢ | ᠡᠵᠡᠩᠨᠡᠬᠦ ᠠᠶᠠᠨᠴᠢᠳ ᠤᠨ ᠲᠡᠷᠭᠡ ᠶᠢᠨ ᠲᠥᠷᠥᠯ ᠬᠡᠯᠪᠡᠷᠢ ᠶᠢ ᠬᠤᠪᠢᠶᠠᠷᠢᠯᠠᠬᠤ ᠵᠢᠴᠢ ᠳᠡᠰ ᠢ ᠦᠨᠡᠯᠡᠨ ᠲᠣᠭᠲᠠᠭᠠᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ︵ᠵᠢᠷᠭᠤᠭ᠎ᠠ︶ ᠠᠶᠤᠯᠲᠠᠢ ᠪᠠᠷᠠᠭᠠᠨ ᠤ ᠲᠡᠭᠡᠭᠡᠪᠦᠷᠢ ᠶᠢᠨ | ᠲᠡᠷᠭᠡ ᠨᠢ ︽ᠮᠠᠰᠢᠨ ᠲᠡᠷᠭᠡ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠳᠦᠷᠢᠮ︾ ︵JT 622︶ ᠤᠨ ᠱᠠᠭᠠᠷᠳᠠᠯᠭ᠎ᠠ | ᠳᠤ ᠨᠡᠶᠢᠴᠡᠭᠰᠡᠨ ᠪᠠᠶᠢᠬᠤ ᠬᠡᠷᠡᠭᠲᠡᠶ᠃ |