ᠮᠠᠰᠢᠨᠲᠤ ᠲᠡᠷᠭᠡ ᠶᠢᠨ ᠰᠡᠯᠪᠢᠨ ᠵᠠᠰᠠᠯᠲᠠ᠄ ᠨᠢᠭᠡᠳᠦᠭᠡᠷ ᠲᠥᠷᠥᠯ ᠪᠠ ᠬᠤᠶᠠᠳᠤᠭᠠᠷ ᠲᠥᠷᠥᠯ ᠤᠨ ᠮᠠᠰᠢᠨ ᠲᠡᠷᠭᠡ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ ᠡᠷᠭᠢᠯᠡᠬᠦ ᠳᠤ᠂ ᠠᠵᠢᠯᠲᠠᠨ ᠤ ᠲᠣᠬᠢᠷᠠᠭᠤᠯᠤᠯᠲᠠ  ᠨᠢ ᠶᠠᠮᠠᠷ ᠶᠠᠮᠠᠷ ᠱᠠᠭᠠᠷᠳᠠᠯᠭ᠎ᠠ ᠳᠤ ᠨᠡᠶᠢᠴᠡᠭᠦᠯᠬᠦ ᠴᠢᠬᠤᠯᠠᠲᠠᠢ ᠪᠣᠶ︖
ᠨᠡᠶᠢᠲᠡᠯᠡᠭᠰᠡᠨ ᠴᠠᠭ᠄
2024/12/5
     ︽ᠮᠠᠰᠢᠨᠲᠤ ᠲᠡᠷᠭᠡ ᠰᠡᠯᠪᠢᠨ ᠵᠠᠰᠠᠬᠤ ᠬᠠᠮᠢᠶᠠᠷᠤᠯᠲᠠ ᠶᠢᠨ ᠲᠣᠭᠲᠠᠭᠠᠯ︾ ︵2015 ᠣᠨ ᠤ 17 ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠤᠶᠤ ᠪᠤᠰᠤᠳ ᠮᠠᠰᠢᠨ ᠬᠦᠳᠡᠯᠭᠡᠭᠦᠷᠲᠤ ᠲᠡᠷᠭᠡ ᠰᠡᠯᠪᠢᠨ ᠵᠠᠰᠠᠬᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠡᠷᠭᠢᠯᠡᠬᠦ ᠪᠠᠷ ᠭᠤᠶᠤᠴᠢᠯᠠᠬᠤ ᠳᠤ᠂ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄  ︵ᠨᠢᠭᠡ︶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠪᠠᠨ ᠲᠣᠬᠢᠷᠠᠯᠴᠠᠭᠰᠠᠨ ᠲᠡᠷᠭᠡᠨ ᠵᠣᠭᠰᠣᠭᠠᠯ ᠪᠠ ᠣᠶᠢᠯᠠᠳᠪᠦᠷᠢ ᠶᠢᠨ ᠬᠡᠷ ᠲᠠᠢ ᠪᠠᠶᠢᠬᠤ ᠬᠡᠷᠡᠭᠲᠡᠢ᠃ ᠲᠦᠷᠢᠶᠡᠰᠦᠯᠡᠨ ᠬᠡᠷᠡᠭᠯᠡᠬᠦ ᠭᠠᠵᠠᠷ ᠨᠢ ᠪᠢᠴᠢᠭ ᠤᠨ ᠬᠡᠯᠪᠡᠷᠢ ᠶᠢᠨ ᠲᠦᠷᠢᠶᠡᠰᠦᠯᠡᠯ ᠤᠨ ᠭᠡᠷ᠎ᠡ ᠲᠠᠢ ᠪᠠᠶᠢᠬᠤ ᠬᠡᠷᠡᠭᠲᠡᠢ ᠪᠥᠭᠡᠳ ᠲᠦᠷᠢᠶᠡᠰᠦᠯᠡᠬᠦ ᠬᠤᠭᠤᠴᠠᠭ᠎ᠠ  ᠨᠢ 1 ᠵᠢᠯ ᠠᠴᠠ ᠪᠠᠭ᠎ᠠ ᠪᠠᠶᠢᠵᠤ ᠪᠣᠯᠬᠤ ᠦᠭᠡᠢ᠃ ᠲᠡᠷᠭᠡᠨ ᠵᠣᠭᠰᠣᠭᠠᠯ ᠪᠠ ᠦᠶᠯᠡᠳᠪᠦᠷᠢ ᠶᠢᠨ ᠬᠡᠷ ᠤᠨ ᠲᠠᠯᠠᠪᠠᠶ  ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾              ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ᠃        ︵ᠬᠤᠶᠠᠷ︶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠵᠣᠬᠢᠴᠠᠯᠳᠤᠭᠰᠠᠨ ᠲᠥᠬᠦᠭᠡᠷᠦᠮᠵᠢ᠂ ᠪᠡᠯᠡᠳᠬᠡᠮᠵᠢ ᠲᠠᠢ ᠪᠠᠶᠢᠬᠤ ᠬᠡᠷᠡᠭᠲᠡᠢ᠃ ᠲᠤᠬᠢᠷᠠᠭᠤᠯᠤᠭᠰᠠᠨ ᠬᠡᠮᠵᠢᠯᠲᠡ ᠶᠢᠨ ᠲᠤᠨᠤᠭ ᠲᠥᠬᠦᠭᠡᠷᠦᠮᠵᠢ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠬᠠᠤᠯᠢ ᠪᠠᠷ ᠲᠣᠭᠲᠠᠭᠠᠭᠰᠠᠨ ᠰᠢᠯᠭᠠᠨ ᠲᠣᠭᠲᠠᠭᠠᠬᠤ ᠪᠠᠶᠢᠭᠤᠯᠤᠮᠵᠢ ᠪᠠᠷ ᠰᠢᠯᠭᠠᠨ ᠲᠣᠭᠲᠠᠭᠠᠯᠭᠠᠭᠠᠳ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠲᠥᠬᠦᠭᠡᠷᠦᠮᠵᠢ᠂ ᠪᠡᠯᠡᠳᠬᠡᠮᠵᠢ ᠶᠢᠨ ᠪᠣᠳᠠᠲᠠᠶ ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ︔ ᠪᠤᠰᠤᠳ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠡᠷᠬᠢᠯᠡᠬᠦ ᠲᠥᠬᠦᠭᠡᠷᠦᠮᠵᠢ᠂ ᠪᠡᠯᠡᠳᠬᠡᠮᠵᠢ ᠶᠢᠨ ᠪᠣᠳᠠᠲᠠᠶ ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ ︵GB/T16739︶  ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠂ ᠭᠡᠬᠦ ᠳᠤ ᠪᠠᠨ ᠲᠣᠬᠢᠷᠠᠭᠤᠯᠤᠭᠰᠠᠨ ᠲᠥᠬᠦᠭᠡᠷᠦᠮᠵᠢ᠂ ᠪᠡᠯᠡᠳᠬᠡᠮᠵᠢ ᠨᠢ ᠰᠡᠯᠪᠢᠨ ᠵᠠᠰᠠᠬᠤ ᠲᠡᠷᠭᠡᠨ ᠤ ᠬᠡᠯᠪᠡᠷᠢ ᠲᠠᠢ ᠲᠣᠬᠢᠷᠠᠯᠴᠠᠭᠤᠯᠬᠤ ᠬᠡᠷᠡᠭᠲᠡᠶ᠃ ︵ᠭᠤᠷᠪᠠ︶ ᠴᠢᠬᠤᠯᠠ ᠪᠦᠬᠦᠢ ᠮᠡᠷᠭᠡᠵᠢᠯ ᠤᠨ ᠠᠵᠢᠯᠲᠠᠨ᠄ 1. ᠨᠢᠭᠡᠳᠦᠭᠡᠷ ᠲᠥᠷᠥᠯ ᠪᠠ ᠬᠤᠶᠠᠳᠤᠭᠠᠷ ᠲᠥᠷᠥᠯ ᠤᠨ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ ᠪᠠᠭ᠎ᠠ ᠳᠤ ᠪᠠᠨ 1 ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯᠲᠠᠨ ᠢ ᠲᠣᠬᠢᠷᠠᠭᠤᠯᠬᠤ ᠬᠡᠷᠡᠭᠲᠡᠶ᠃ ᠮᠡᠷᠭᠡᠵᠢᠯ ᠤᠨ ᠬᠠᠷᠢᠭᠤᠴᠠᠯᠭᠠᠲᠠᠨ ᠨᠢ ᠮᠠᠰᠢᠨ ᠲᠡᠷᠭᠡ ᠪᠤᠶᠤ ᠪᠤᠰᠤᠳ ᠮᠠᠰᠢᠨ ᠲᠡᠷᠭᠡ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ ᠰᠠᠶᠢᠨ ᠮᠡᠳᠡᠬᠦ ᠶᠢᠨ ᠬᠠᠮᠲᠤ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠵᠢᠷᠤᠮᠵᠢᠯ ᠢ ᠡᠵᠡᠮᠰᠢᠬᠦ ᠬᠡᠷᠡᠭᠲᠡᠶ︔ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯᠲᠠᠨ ᠡᠯ᠎ᠡ ᠲᠥᠷᠥᠯ ᠤᠨ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠪᠠᠶᠢᠴᠠᠭᠠᠨ ᠬᠡᠮᠵᠢᠬᠦ ᠠᠵᠢᠯ ᠤᠨ ᠵᠢᠷᠤᠮᠵᠢᠯ ᠢ ᠣᠶᠢᠯᠠᠭᠠᠵᠤ᠂ ᠮᠠᠰᠢᠨ ᠲᠡᠷᠭᠡ ᠪᠤᠶᠤ ᠪᠤᠰᠤᠳ ᠮᠠᠰᠢᠨᠲᠤ  ᠲᠡᠷᠭᠡᠨ ᠤ ᠰᠡᠯᠪᠢᠨ ᠵᠠᠰᠠᠬᠤ ᠭᠡᠮᠲᠦᠯ ᠢ ᠣᠨᠣᠰᠢᠯᠠᠬᠤ ᠪᠠ ᠶᠠᠰᠤ ᠴᠢᠨᠠᠷ ᠤᠨ ᠪᠠᠶᠢᠴᠠᠭᠠᠨ ᠰᠢᠯᠭᠠᠬᠤ ᠬᠠᠮᠢᠶ᠎ᠠ ᠪᠦᠬᠦᠢ ᠮᠡᠷᠭᠡᠵᠢᠯ  ᠢ ᠡᠵᠡᠮᠰᠢᠵᠦ᠂ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠦᠶᠯᠡᠴᠢᠯᠡᠭᠡᠨ ᠤ ᠰᠦᠶᠳᠬᠡᠯ ᠬᠤᠷᠢᠶᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠢ ᠣᠶᠢᠯᠠᠭᠠᠬᠤ ᠬᠡᠷᠡᠭᠲᠡᠶ᠃ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯᠲᠠᠨ ᠤ ᠶᠡᠷᠦᠩᠬᠡᠶ ᠲᠤᠭ᠎ᠠ ᠶᠢᠨ 60% ᠨᠢ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃ 2. ᠨᠢᠭᠡᠳᠦᠭᠡᠷ ᠲᠥᠷᠥᠯ ᠪᠠ ᠬᠤᠶᠠᠳᠤᠭᠠᠷ ᠲᠥᠷᠥᠯ ᠤᠨ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ ᠪᠠᠭ᠎ᠠ ᠳᠤ ᠪᠠᠨ 1 ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠰᠢᠷᠲᠡᠬᠦ ᠮᠡᠷᠭᠡᠵᠢᠯ ᠤᠨ ᠠᠵᠢᠯᠲᠠᠨ ᠢ ᠲᠣᠬᠢᠷᠠᠭᠤᠯᠬᠤ ᠬᠡᠷᠡᠭᠲᠡᠶ︔ ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ  ᠤᠨ ᠠᠵᠢᠯᠲᠠᠨ ᠬᠢᠵᠦ ᠪᠠᠶᠢᠭ᠎ᠠ ᠠᠵᠢᠯ ᠲᠥᠷᠥᠯ ᠤᠨ ᠰᠡᠯᠪᠢᠨ ᠵᠠᠰᠠᠬᠤ ᠮᠡᠷᠭᠡᠵᠢᠯ ᠪᠣᠯᠤᠨ ᠠᠵᠢᠯᠯᠠᠭᠤᠯᠬᠤ ᠵᠢᠷᠤᠮᠵᠢᠯ  ᠢ ᠰᠠᠶᠢᠨ ᠮᠡᠳᠡᠬᠦ ᠶᠢᠨ ᠬᠠᠮᠲᠤ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠬᠡᠷᠡᠭᠲᠡᠶ᠃ ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ ᠤᠨ ᠠᠵᠢᠯᠲᠠᠨ ᠤ ᠶᠡᠷᠦᠩᠬᠡᠶ ᠲᠤᠭ᠎ᠠ ᠶᠢᠨ 40% ᠨᠢ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠃ 3. ᠭᠤᠷᠪᠠᠳᠤᠭᠠᠷ ᠲᠥᠷᠥᠯ ᠤᠨ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ᠂ ᠲᠡᠭᠦᠨ ᠤ ᠡᠵᠡᠩᠨᠡᠯᠲᠡ ᠶᠢᠨ ᠲᠥᠷᠥᠯ ᠵᠦᠶᠯ ᠤᠨ ᠶᠣᠰᠣ ᠪᠠᠷ ᠵᠣᠬᠢᠬᠤ ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯᠲᠡᠨ ᠢ ᠲᠣᠰ ᠲᠣᠰ ᠲᠤᠨᠢ ᠲᠣᠬᠢᠷᠠᠭᠤᠯᠬᠤ ᠬᠡᠷᠡᠭᠲᠡᠶ︔ ᠬᠥᠳᠡᠯᠭᠡᠭᠦᠷ ᠮᠠᠰᠢᠨ ᠢ ᠰᠡᠯᠪᠢᠨ ᠵᠠᠰᠠᠬᠤ᠂ ᠲᠡᠷᠭᠡᠨ ᠤ ᠪᠡᠶ᠎ᠡ ᠶᠢ ᠰᠡᠯᠪᠢᠨ ᠵᠠᠰᠠᠬᠤ᠂ ᠴᠠᠬᠢᠯᠭᠠᠨ ᠤ ᠰᠢᠰᠲ᠋ᠧᠮ ᠢ ᠰᠡᠯᠪᠢᠨ ᠵᠠᠰᠠᠬᠤ᠂ ᠠᠦ᠋ᠲ᠋ᠣ᠋ ᠬᠤᠷᠳᠤᠴᠠ ᠥᠭᠡᠷᠡᠴᠢᠯᠡᠭᠴᠢ ᠶᠢ ᠰᠡᠯᠪᠢᠨ ᠵᠠᠰᠠᠬᠤ ᠠᠵᠢᠯ ᠢ ᠡᠷᠬᠢᠯᠡᠬᠦ ᠳᠤ ᠪᠠᠰᠠ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯᠳᠡᠠ ᠲᠤᠬᠢᠷᠡᠭᠤᠯᠬᠤ ᠬᠡᠷᠡᠭᠲᠡᠢ᠃ ᠮᠡᠷᠭᠡᠵᠢᠯ ᠤᠨ ᠬᠠᠷᠢᠭᠤᠴᠠᠯᠭᠠᠲᠠᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯᠲᠠᠨ ᠵᠢᠴᠢ ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ ᠤᠨ ᠠᠵᠢᠯᠲᠠᠨ ᠤ ᠶᠡᠷᠦᠩᠬᠡᠶ ᠲᠤᠭ᠎ᠠ ᠶᠢᠨ 40% ᠨᠢ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠃ ︵ᠳᠥᠷᠪᠡ︶ ᠪᠦᠷᠢᠨ ᠲᠥᠬᠦᠷ ᠰᠡᠯᠪᠢᠨ ᠵᠠᠰᠠᠬᠤ ᠬᠠᠮᠢᠶᠠᠷᠤᠯᠲᠠ ᠶᠢᠨ ᠳᠦᠷᠢᠮ ᠲᠠᠢ ᠪᠠᠶᠢᠬᠤ ᠬᠡᠷᠡᠭᠲᠡᠢ᠃ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ᠂ ᠠᠶᠦᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ᠂ ᠲᠡᠷᠭᠡ ᠬᠥᠰᠬᠡ ᠰᠡᠯᠪᠢᠨ ᠵᠠᠰᠠᠬᠤ ᠲᠠᠩᠰᠠ ᠡᠪᠬᠡᠮᠡᠯ  ᠤᠨ ᠬᠠᠮᠢᠶᠠᠷᠤᠯᠲᠠ ᠶᠢᠨ ᠲᠦᠷᠢᠮ᠂ ᠠᠵᠢᠯᠲᠠᠨ ᠤ  ᠪᠣᠯᠪᠠᠰᠤᠷᠠᠯ ᠤᠨ ᠲᠦᠷᠢᠮ᠂ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠦᠷᠢᠮ ᠵᠢᠴᠢ ᠰᠡᠯᠪᠢᠭ ᠲᠣᠨᠤᠭ ᠤᠨ ᠬᠠᠮᠢᠶᠠᠷᠤᠯᠲᠠ ᠶᠢᠨ ᠲᠦᠷᠢᠮ ᠢ ᠪᠠᠭᠲᠠᠭᠠᠨ᠎ᠠ᠃ ᠪᠣᠳᠠᠲᠠᠶ ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ        ᠨᠥᠬᠦᠴᠡᠯ︾ ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ᠃ ︵ᠲᠠᠪᠤ︶ ᠣᠷᠴᠢᠨ ᠠᠬᠤᠢ ᠶᠢ ᠬᠠᠮᠠᠭᠠᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ᠃ ᠪᠣᠳᠠᠲᠠᠶ ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号