ᠴᠠᠭᠠᠨ ᠰᠠᠷ᠎ᠠ ᠶᠢᠨ ᠠᠷᠪᠠᠨ ᠲᠠᠪᠤᠨ ᠳᠤ᠂ ᠪᠥᠬᠦ ᠣᠷᠣᠨ ᠤ ᠵᠠᠰᠠᠮᠠᠯ ᠵᠠᠮ ᠤᠨ ᠲᠣᠤᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ
ᠨᠡᠶᠢᠲᠡᠯᠡᠭᠰᠡᠨ ᠴᠠᠭ᠄
2024/2/27
1.jpg
2.jpg
3.jpg
    2024 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠳᠤ᠂ ᠪᠥᠬᠦ ᠣᠷᠣᠨ ᠤ ᠵᠠᠰᠠᠮᠠᠯ ᠵᠠᠮ ᠤᠨ ᠲᠣᠤᠷ ᠠᠮᠤᠷ ᠲᠦᠪᠰᠢᠨ ᠰᠠᠭᠠᠳ ᠥᠬᠡᠶ ᠨᠡᠪᠲᠡᠷᠡᠵᠦ᠂ ᠵᠠᠰᠠᠮᠠᠯ ᠵᠠᠮ ᠤᠨ ᠦᠶᠯᠡᠴᠢᠯᠡᠭᠡᠨ ᠤ ᠪᠠᠲᠤᠯᠠᠭ᠎ᠠ ᠡᠮᠬᠢ ᠵᠢᠷᠤᠮ ᠲᠠᠢ ᠪᠠᠶᠢᠵᠤ᠂ ᠡᠯ᠎ᠡ ᠵᠦᠶᠯ ᠤᠨ ᠠᠵᠢᠯ ᠲᠣᠭᠲᠠᠭᠤᠨ ᠢᠶᠠᠷ ᠶᠠᠪᠤᠭᠳᠠᠪᠠ᠃      2 ᠳ᠋ᠤᠭᠠᠷ ᠰᠠᠷ᠎ᠠ ᠶᠢᠨ 24 ᠤ ᠡᠳᠦᠷ᠂ ᠪᠥᠬᠦ ᠣᠷᠣᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ  ᠶᠢᠨ ᠬᠡᠮᠵᠢᠶ᠎ᠡ 47300 ᠬᠥᠮᠦᠨ ᠤᠳᠠᠭ᠎ᠠ ᠳᠤ ᠬᠦᠷᠴᠦ᠂ ᠭᠠᠷᠬᠠᠨ ᠬᠠᠷᠢᠴᠠᠯ ᠨᠢ 45.95% ᠪᠠᠷ ᠨᠡᠮᠡᠭᠳᠡᠪᠡ︔ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠤ ᠤᠷᠤᠰᠬᠠᠯ ᠤᠨ ᠶᠡᠷᠦᠩᠬᠡᠶ ᠬᠡᠮᠵᠢᠶ᠎ᠡ ᠪᠠᠷᠤᠭ 26.86 ᠲᠦᠮᠡ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 2.62% ᠢᠶᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 45.45% ᠪᠠᠷ ᠳᠡᠭᠡᠭᠰᠢᠯᠡᠵᠡᠶ᠃      ᠪᠦᠬᠦ ᠣᠷᠣᠨ ᠤ ᠪᠤᠶ ᠪᠦᠬᠦᠢ ᠳᠡᠭᠡᠳᠦ ᠬᠤᠷᠳᠤ ᠶᠢᠨ ᠵᠠᠰᠠᠮᠠᠯ ᠵᠠᠮ ᠪᠣᠯᠣᠨ ᠤᠯᠤᠰ ᠮᠤᠵᠢ ᠶᠢᠨ ᠭᠤᠣᠯ ᠱᠤᠭᠤᠮ ᠤᠨ ᠨᠡᠪᠲᠡᠷᠡᠬᠦ ᠨᠢ ᠬᠡᠪ ᠤᠨ ᠪᠠᠶᠢᠵᠤ᠂ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠶᠢ ᠬᠡᠷᠡᠭᠵᠢᠭᠦᠯᠦᠭᠰᠡᠨ ᠵᠠᠮ ᠤᠨ ᠬᠡᠰᠡᠭ ᠦᠭᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号