3 ᠳ᠋ᠤᠭᠠᠷ ᠰᠠᠷ᠎ᠠ ᠶᠢᠨ 13 ᠤ ᠡᠳᠦᠷ ᠵᠡᠭᠦᠨ ᠬᠠᠲᠠᠪᠴᠢ ᠵᠠᠰᠠᠮᠠᠯ ᠵᠠᠮ ᠤᠨ ᠪᠣᠭᠤᠮᠲᠠ ᠶᠢᠨ ︽ᠳᠥᠷᠪᠡ ᠶᠢ | ᠣᠷᠣᠭᠤᠯᠵᠤ ᠬᠤᠶᠠᠷ ᠢ ᠭᠠᠷᠭᠠᠬᠤ︾ ᠰᠢᠨ᠎ᠡ ᠪᠠᠷᠠᠭ᠎ᠠ ᠲᠡᠭᠡᠭᠡᠪᠦᠷᠢᠯᠡᠬᠦ ᠵᠠᠮ ᠢ ᠵᠢᠩᠬᠢᠨᠢ ᠪᠠᠷ ᠡᠬᠢᠯᠡᠨ ᠬᠡᠷᠡᠭᠯᠡᠪᠡ᠃ | | | | | | ᠲᠣᠰ ᠡᠳᠦᠷ ᠤᠨ ᠥᠷᠯᠥᠭᠡ ᠡᠷᠲᠡ᠂ ᠪᠠᠷᠠᠭ᠎ᠠ ᠳᠦᠭᠦᠷᠲᠡᠯ᠎ᠡ ᠲᠡᠭᠡᠭᠡᠭᠰᠡᠨ ᠲᠡᠷᠭᠡ ᠨᠦᠭᠦᠳ ᠲᠣᠰ ᠪᠣᠭᠤᠮᠲᠠ | ᠳᠤ ᠡᠮᠬᠢ ᠵᠢᠷᠤᠮ ᠲᠠᠢ ᠪᠠᠷ ᠮᠥᠷᠯᠡᠨ ᠪᠠᠶᠢᠴᠠᠭᠠᠯᠲᠠ ᠶᠢ ᠬᠦᠯᠢᠶᠡᠵᠦ ᠪᠠᠶᠢᠯ᠎ᠠ᠃ ︽ᠰᠢᠨ᠎ᠡ ᠪᠠᠷᠠᠭ᠎ᠠ ᠲᠡᠭᠡᠭᠡᠪᠦᠷᠢᠯᠡᠬᠦ | ᠵᠠᠮ ᠢ ᠠᠰᠢᠭᠯᠠᠯᠲᠠ ᠳᠤ ᠣᠷᠣᠭᠤᠯᠣᠭᠰᠠᠨ ᠨᠢ ᠠᠵᠤ ᠠᠬᠤᠶᠢᠯᠠᠯ ᠤᠨ ᠲᠡᠭᠡᠭᠡᠪᠦᠷᠢ ᠶᠢᠨ ᠵᠠᠶ ᠶᠢ ᠪᠠᠭᠠᠰᠬᠠᠬᠤ ᠪᠠᠷ | ᠪᠠᠷᠠᠬᠤ ᠥᠬᠡᠶ᠂ ᠲᠡᠭᠡᠭᠡᠪᠦᠷᠢ ᠶᠢᠨ ᠥᠪᠡᠷ ᠤᠨ ᠥᠷᠲᠡᠭ ᠢ ᠴᠦ ᠪᠠᠭᠤᠷᠠᠭᠤᠯᠤᠨ᠎ᠠ᠃︾ ᠲᠣᠰ ᠪᠣᠭᠤᠮᠲᠠ ᠳᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠬᠢᠵᠦ ᠪᠠᠶᠢᠭ᠎ᠠ ᠯᠢᠦ ᠸᠧᠨ ᠤ ᠦᠵᠡᠬᠦ ᠪᠠᠷ᠂ | ᠰᠢᠨ᠎ᠡ ᠪᠠᠷᠠᠭ᠎ᠠ ᠲᠡᠭᠡᠭᠡᠪᠦᠷᠢᠯᠡᠬᠦ ᠵᠠᠮ ᠨᠢ ᠣᠳᠣᠬᠠᠨ ᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ | ᠳᠤ ᠭᠠᠷᠭᠠᠬᠤ ᠠᠷᠠᠯᠵᠢᠶᠠᠨ ᠤ ᠬᠥᠭᠵᠢᠯᠲᠡ ᠶᠢᠨ ᠬᠡᠷᠡᠭᠴᠡᠭᠡ ᠳᠤ ᠨᠠᠩ ᠢᠯᠡᠭᠦᠦ ᠵᠣᠬᠢᠴᠠᠵᠤ ᠴᠢᠳᠠᠨ᠎ᠠ ᠭᠡᠵᠡᠢ᠃ | | | | ᠰᠢᠨ᠎ᠡ ᠪᠠᠷ ᠪᠠᠶᠢᠭᠤᠯᠵᠤ ᠳᠠᠭᠤᠰᠬᠠᠭᠰᠠᠨ ︽ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ︾ ᠪᠠᠷᠠᠭ᠎ᠠ | ᠲᠡᠭᠡᠭᠡᠪᠦᠷᠢᠯᠡᠬᠦ ᠵᠠᠮ ᠤᠨ ᠶᠡᠷᠦᠩᠬᠡᠶ ᠣᠷᠳᠣ ᠨᠢ 2000 ᠮᠧᠲᠷ᠂ ᠵᠠᠮ ᠤᠨ ᠲᠠᠯᠠᠪᠠᠶ ᠨᠢ 71000 ᠲᠡᠭᠰᠢ | ᠳᠥᠷᠪᠡᠯᠵᠢᠨ ᠮᠧᠲᠷ ᠪᠠᠶᠢᠵᠤ᠂ ᠬᠡᠷᠡᠭᠯᠡᠵᠦ ᠡᠬᠢᠯᠡᠭᠰᠡᠨ ᠤ ᠳᠠᠷᠠᠭ᠎ᠠ ᠪᠣᠭᠤᠮᠲᠠ ᠶᠢᠨ ᠤᠤᠯ ᠤᠨ ︽ᠨᠢᠭᠡ ᠶᠢ | ᠣᠷᠣᠭᠤᠯᠬᠤ ᠨᠢᠭᠡ ᠶᠢ ᠭᠠᠷᠭᠠᠬᠤ︾ ᠪᠠᠷᠠᠭ᠎ᠠ ᠲᠡᠭᠡᠭᠡᠪᠦᠷᠢᠯᠡᠬᠦ ᠵᠠᠮ ᠤᠨ ᠨᠥᠬᠦᠴᠡᠯ ᠢ ᠲᠤᠶᠢᠯ ᠤᠨ ᠶᠡᠭᠡ ᠪᠠᠷ | ᠰᠠᠶᠢᠵᠢᠷᠠᠭᠤᠯᠵᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢᠨ ᠳᠠᠬᠢᠨ ᠢᠶᠠᠷ ᠨᠡᠮᠡᠭᠳᠡᠬᠦ ᠶᠢ ᠠᠬᠢᠭᠤᠯᠬᠤ ᠪᠣᠯᠤᠨ᠎ᠠ᠃ | ᠲᠣᠰ ᠤᠳᠠᠭ᠎ᠠ ᠡᠬᠢᠯᠡᠵᠦ ᠬᠡᠷᠡᠭᠯᠡᠭᠰᠡᠨ ᠰᠢᠨ᠎ᠡ ᠪᠠᠷᠠᠭ᠎ᠠ ᠲᠡᠭᠡᠭᠡᠪᠦᠷᠢᠯᠡᠬᠦ ᠵᠠᠮ ᠨᠢ ᠪᠣᠭᠤᠮᠲᠠ ᠶᠢᠨ ᠪᠠᠷᠠᠭ᠎ᠠ | ᠲᠡᠭᠡᠭᠡᠪᠦᠷᠢᠯᠡᠬᠦ ᠬᠡᠮᠵᠢᠶ᠎ᠡ ᠶᠢ 1 ᠳᠠᠬᠢᠨ ᠢᠯᠡᠭᠦᠦ ᠳᠡᠭᠡᠭᠰᠢᠯᠡᠭᠦᠯᠵᠦ᠂ ᠡᠳᠦᠷ ᠪᠦᠷᠢ ᠶᠢᠨ ᠳᠤᠮᠳᠠᠴᠢ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢᠯᠡᠬᠦ ᠲᠡᠷᠭᠡ ᠶᠢ ᠴᠦ 200 ᠪᠠᠶᠢᠭᠰᠠᠨ ᠠᠴᠠ | 500 ᠣᠷᠴᠢᠮ ᠪᠣᠯᠭᠠᠨ ᠨᠡᠮᠡᠭᠳᠡᠭᠦᠯᠬᠦ ᠪᠣᠯᠤᠨ᠎ᠠ᠃ | | | | ᠣᠶᠢᠯᠠᠭᠠᠭᠰᠠᠨ ᠢᠶᠠᠷ᠂ 2023 ᠣᠨ ᠳᠤ᠂ ᠵᠡᠭᠦᠨ ᠬᠠᠲᠠᠪᠴᠢ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ | ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 260.38 ᠲᠦᠮᠡᠨ ᠲᠣᠨ ᠳᠤ ᠬᠦᠷᠴᠦ᠂ | 2022 ᠣᠨ ᠤ ᠠᠳᠠᠯᠢ ᠬᠤᠭᠤᠴᠠᠭᠠᠨ ᠤ ᠬᠢ ᠠᠴᠠ 21.48 ᠳᠠᠬᠢᠨ ᠪᠣᠯᠵᠣ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠬᠡᠷᠡᠭᠴᠡᠭᠡ ᠳᠤ ᠰᠠᠭᠤᠷᠢᠯᠠᠨ᠂ | ᠰᠢᠨ᠎ᠡ ᠪᠠᠷᠠᠭ᠎ᠠ ᠲᠡᠭᠡᠭᠡᠪᠦᠷᠢᠯᠡᠬᠦ ᠵᠠᠮ ᠢ ᠪᠥᠲᠥᠭᠡᠨ ᠪᠠᠶᠢᠭᠤᠯᠤᠨ ᠬᠡᠷᠡᠭᠯᠡᠭᠰᠡᠨ ᠨᠢ ᠶᠠᠭ ᠴᠠᠭ ᠲᠤ ᠪᠠᠨ ᠳᠣᠭᠢᠷᠬᠠᠰᠠᠨ | ᠪᠠᠶᠢᠨ᠎ᠠ᠃ |