1. ᠠᠬᠤᠢ ᠪᠠᠶᠢᠳᠠᠯ ᠤᠨ ᠦᠨᠳᠦᠰᠦᠯᠡᠯ᠄ ︽ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ | ᠲᠦᠷᠢᠶᠡᠰᠦᠨ ᠮᠠᠰᠢᠨ ᠲᠡᠷᠭᠡᠨ ᠤ ᠲᠣᠰᠣᠨ ᠤ ᠦᠨ᠎ᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠬᠦ ᠲᠤᠬᠠᠢ ᠡᠳ᠋ ᠤᠨ ᠵᠠᠰᠠᠭ ᠤᠨ ᠶᠠᠮᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ | ᠮᠡᠳᠡᠭᠳᠡᠯ︾ ︵ᠡᠳ᠋ ᠤᠨ ᠵᠠᠰᠠᠭ ᠪᠦᠲᠦᠭᠡᠨ ᠪᠠᠶᠢᠭᠤᠯᠤᠯᠲᠠ ﹇2022﹈ 1 ᠳ᠋ᠦ᠋ᠭᠡᠷ ᠲᠣᠭᠠᠲᠤ︶᠂ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ | ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠥᠬᠦᠪᠥᠷᠢ ᠶᠢᠨ ᠪᠡᠯᠡ ᠮᠥᠩᠭᠦ ᠪᠠ ᠬᠤᠲᠠ ᠶᠢᠨ ᠵᠠᠮ | ᠬᠠᠷᠢᠯᠴᠠᠭᠠᠨ ᠤ ᠬᠥᠭᠵᠢᠯᠲᠡ ᠶᠢᠨ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠡᠳᠡᠭᠳᠡᠯ︾ ︵ᠥᠪᠥᠷ ᠡᠳ᠋ ᠤᠨ ᠵᠠᠰᠠᠭ ᠪᠦᠲᠦᠭᠡᠨ ᠪᠠᠶᠢᠭᠤᠯᠤᠯᠲᠠ | ﹇2022﹈ 1116 ᠳ᠋ᠤᠭᠠᠷ ᠲᠣᠭᠠᠲᠤ︶᠃ | 2. ᠬᠤᠯᠪᠣᠭᠳᠠᠬᠤ ᠬᠦᠷᠢᠶ᠎ᠡ ᠬᠡᠪᠴᠢᠶ᠎ᠡ᠄ ᠪᠦᠬᠦ ᠣᠷᠣᠨ ᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ | ᠲᠡᠷᠭᠡᠨ ᠤ ᠡᠵᠡᠩᠨᠡᠭᠴᠢ ᠪᠣᠯᠤᠨ ᠵᠢᠯᠣᠭᠤᠴᠢ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ | ᠴᠡᠨᠡᠭᠯᠡᠬᠦ ᠰᠣᠯᠢᠬᠤ ᠥᠷᠲᠡᠭᠡ ᠶᠢᠨ ᠠᠵᠤ ᠠᠬᠤᠶᠢᠯᠠᠯ᠃ | 3. ᠬᠡᠷᠡᠭᠵᠢᠭᠦᠯᠬᠦ ᠪᠠᠷᠢᠮᠵᠢᠶ᠎ᠠ᠄ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠴᠡᠨᠡᠭᠯᠡᠬᠦ ᠲᠣᠭᠤᠷᠢᠨ ᠵᠤᠭᠠᠴᠠᠬᠤ | ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠪᠠᠯ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠥᠬᠦᠪᠥᠷᠢ | ᠥᠭᠴᠦ᠂ ᠱᠠᠭᠠᠷᠳᠠᠯᠭ᠎ᠠ ᠳᠤ ᠨᠡᠶᠢᠴᠡᠬᠦ ᠴᠠᠬᠢᠯᠭᠠᠨ ᠰᠣᠯᠢᠬᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ | ᠬᠤᠳᠠᠯᠳᠤᠨ ᠠᠪᠤᠪᠠᠯ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠤᠯᠤᠰ ᠠᠴᠠ | ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠᠷ ᠪᠣᠲᠤᠵᠤ᠂ ᠰᠢᠲᠠᠭᠠᠯᠭ᠎ᠠ ᠶᠢᠨ | ᠲᠣᠰᠣ ︵ᠬᠡᠢ︶ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ 12 ᠰᠠᠷ᠎ᠠ ᠠᠴᠠ ᠳᠡᠭᠡᠭᠰᠢ | ᠤᠷᠢᠳᠴᠢᠯᠠᠨ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠡᠷᠭᠡ ᠪᠣᠯᠭᠠᠨ ᠰᠢᠨᠡᠳᠭᠡᠭᠰᠡᠨ ᠪᠣᠯ᠂ ᠲᠡᠷᠭᠡ | ᠪᠦᠷᠢ ᠳᠤ ᠳᠠᠬᠢᠨ 5000 ᠲᠥᠭᠦᠷᠢᠭ ᠱᠠᠩᠨᠠᠨ᠎ᠠ᠃ | ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠢ ᠠᠵᠢᠯᠯᠠᠭᠠᠨ ᠤ ᠴᠢᠳᠠᠮᠵᠢ ᠪᠠᠷ ᠪᠣᠳᠣᠵᠤ᠂ 100 | ᠲᠥᠭᠦᠷᠢᠭ / ᠺᠢᠯᠦᠸᠡᠲ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠥᠬᠦᠪᠥᠷᠢ ᠥᠭᠴᠦ᠂ ᠨᠢᠭᠡ ᠴᠠᠬᠢᠯᠭᠠᠨ | ᠴᠡᠨᠡᠭᠯᠡᠬᠦ ᠥᠷᠲᠡᠭᠡ ᠶᠢᠨ ᠬᠠᠮᠤᠭ ᠤᠨ ᠥᠨᠳᠥᠷ ᠨᠥᠬᠦᠪᠥᠷᠢ ᠶᠢ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ | ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠨᠥᠬᠦᠪᠥᠷᠢ ᠶᠢ ᠪᠣᠳᠠᠲᠠᠢ ᠠᠵᠢᠯᠯᠠᠭᠠᠨ ᠤ ᠴᠢᠳᠠᠮᠵᠢ ᠪᠠᠷ ᠪᠣᠳᠣᠵᠤ᠂ 800 | ᠲᠥᠭᠦᠷᠢᠭ / ᠺᠢᠯᠦᠸᠡᠲ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠥᠬᠦᠪᠥᠷᠢ ᠥᠭᠴᠦ᠂ ᠥᠷᠲᠡᠭᠡ | ᠨᠢᠭᠡᠪᠦᠷᠢ ᠳᠤ ᠬᠠᠮᠤᠭ ᠤᠨ ᠥᠨᠳᠥᠷ ᠨᠥᠬᠦᠪᠥᠷᠢ ᠶᠢ 150 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠢᠯ ᠪᠦᠷᠢ ᠲᠦᠷᠢᠶᠡᠰᠦᠨ ᠮᠠᠰᠢᠨ ᠲᠡᠷᠭᠡᠨ ᠤ ᠲᠤᠰᠬᠠᠢ | ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠳᠤ ᠰᠢᠯᠭᠠᠨ ᠬᠢᠨᠠᠯᠲᠠ ᠬᠢᠵᠦ᠂ ᠵᠢᠯ ᠪᠦᠷᠢ ᠰᠢᠯᠭᠠᠨ ᠬᠢᠨᠠᠭᠰᠠᠨ | ᠦᠷ᠎ᠡ ᠳ᠋ᠦᠩ ᠢᠶᠠᠷ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ | ᠥᠷᠲᠡᠭᠡ ᠶᠢᠨ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ | ᠰᠠᠶᠢᠨ ᠪᠠ ᠬᠢᠷᠢ ᠲᠡᠩᠴᠡᠭᠰᠡᠨ ᠭᠡᠵᠦ ᠬᠤᠪᠢᠶᠠᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠬᠠᠷᠠᠭᠠᠯᠵᠠᠭᠤᠯᠤᠨ ᠲᠤᠰ | ᠲᠤᠰ 0.4 ᠲᠥᠭᠦᠷᠢᠭ / ᠺᠢᠯᠣᠸᠠᠲ ᠴᠠᠭ᠂ 0.3 ᠲᠥᠭᠦᠷᠢᠭ / ᠺᠢᠯᠣᠸᠠᠲ ᠴᠠᠭ ᠪᠠ 0.2 | ᠲᠥᠭᠦᠷᠢᠭ / ᠺᠢᠯᠣᠸᠠᠲ ᠴᠠᠭ ᠪᠣᠯᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠳᠤ ᠬᠢᠷᠢ ᠲᠡᠩᠴᠡᠭᠰᠡᠨ ᠦᠭᠡᠢ | ᠪᠠᠶᠢᠪᠠᠯ ᠨᠥᠬᠦᠪᠥᠷᠢ ᠥᠭᠬᠦ ᠦᠭᠡᠢ᠂ ᠨᠥᠬᠦᠪᠥᠷᠢ ᠥᠭᠬᠦ ᠳᠡᠭᠡᠳᠦ ᠬᠢᠵᠠᠭᠠᠷ ᠤᠨ ᠴᠠᠭ ᠤᠨ ᠲᠤᠭ᠎ᠠ ᠶᠢ ᠵᠢᠯ ᠪᠦᠷᠢ | 1000 ᠴᠠᠭ ᠠᠴᠠ ᠬᠡᠲᠦᠷᠡᠭᠦᠯᠬᠦ ᠦᠭᠡᠢ᠃ | 4. ᠠᠩᠬᠠᠷᠬᠤ ᠵᠦᠢᠯᠡᠰ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ᠂ ᠮᠠᠨ ᠤ | ᠣᠷᠣᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ 2026 ᠣᠨ ᠤ ᠡᠴᠦᠰ ᠪᠣᠯᠲᠠᠯ᠎ᠠ ᠦᠷᠬᠦᠯᠵᠢᠯᠡᠵᠦ᠂ ᠰᠢᠨ᠎ᠡ | ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠰᠣᠯᠢᠬᠤ ᠰᠠᠨᠠᠭᠠᠴᠢᠯᠠᠭᠠᠲᠠᠢ | ᠡᠵᠡᠩᠨᠡᠭᠴᠢ ᠠᠴᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠠᠩᠬᠠᠷᠤᠨ᠎ᠠ᠃ ᠬᠤᠶᠠᠷ ᠲᠤ᠂ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠩᠨᠡᠯᠲᠡ ᠶᠢᠨ | ᠥᠪᠡᠷ ᠤᠨ ᠥᠷᠲᠡᠭ ᠪᠠ ᠲᠡᠷᠭᠡ ᠬᠥᠰᠬᠡ ᠶᠢᠨ ᠬᠤᠳᠠᠯᠳᠤᠬᠤ ᠦᠨ᠎ᠡ ᠲᠠᠰᠤᠷᠠᠯᠲᠠ ᠥᠬᠡᠶ ᠪᠠᠭᠤᠷᠠᠵᠤ᠂ ᠮᠠᠨ ᠤ | ᠣᠷᠣᠨ ᠤ ᠡᠯ᠎ᠡ ᠭᠠᠵᠠᠷ ᠤᠨ ᠴᠠᠬᠢᠯᠭᠠᠨ ᠴᠡᠨᠡᠭᠯᠡᠬᠦ ᠰᠣᠯᠢᠬᠤ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ | ᠲᠡᠭᠦᠯᠳᠡᠷᠵᠢᠵᠦ᠂ ᠮᠠᠰᠢ ᠣᠯᠠᠨ ᠭᠠᠵᠠᠷ ᠣᠷᠣᠨ ᠤ ᠲᠡᠷᠭᠡ ᠬᠥᠰᠬᠡ ᠶᠢᠨ ︽ᠴᠠᠬᠢᠯᠭᠠᠨ ᠴᠡᠨᠡᠭᠯᠡᠬᠦ ᠰᠣᠯᠢᠬᠤ ᠳᠤ | ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠥᠷᠭᠡᠨ ᠣᠯᠠᠨ ᠡᠵᠡᠩᠨᠡᠭᠴᠢ ᠪᠠ ᠵᠢᠯᠣᠭᠤᠴᠢ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ | ᠲᠦᠷᠢᠶᠡᠰᠦᠨ ᠮᠠᠰᠢᠨ ᠲᠡᠷᠭᠡ ᠶᠢ ᠢᠳᠡᠪᠬᠢᠲᠡᠢ ᠪᠠᠷ ᠰᠣᠯᠢᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠲᠣᠭᠤᠷᠢᠨ | ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠤᠷᠢᠳᠴᠢᠯᠡᠨ ᠰᠢᠨᠡᠳᠭᠡᠪᠡᠯ ᠳᠠᠬᠢᠨ 5000 ᠲᠥᠭᠦᠷᠢᠭ ᠣᠯᠬᠤ | ᠪᠣᠯᠤᠨ᠎ᠠ᠂ ᠵᠢᠱᠢᠶᠡᠯᠡᠪᠡᠯ ᠲᠡᠷᠭᠡ ᠬᠥᠰᠬᠡ ᠶᠢᠨ ᠬᠡᠷᠡᠭᠯᠡᠭᠡᠨ ᠠᠴᠠ ᠭᠠᠷᠭᠠᠬᠤ ᠬᠤᠭᠤᠴᠠᠭᠠᠨ ᠠᠴᠠ 1 ᠵᠢᠯ ᠠᠴᠠ | ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠰᠣᠯᠢᠪᠠᠯ᠂ | ᠲᠡᠷᠭᠡ ᠪᠦᠷᠢ ᠳᠤ ᠳᠠᠬᠢᠨ 5000 ᠲᠥᠭᠦᠷᠢᠭ ᠤᠨ ᠨᠥᠬᠦᠪᠥᠷᠢ ᠥᠭᠭᠦᠨ᠎ᠡ᠃ | 5. ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ᠄ ᠨᠢᠭᠡ ᠳᠤ᠂ ︽ᠨᠠᠷᠢᠨ ᠳᠦᠷᠢᠮ︾ ᠳᠤ | ᠲᠡᠷᠭᠡ ᠬᠥᠰᠬᠡ ᠶᠢᠨ ᠭᠤᠷᠪᠠᠨ ᠡᠰᠢᠲᠦ ᠯᠢᠲ᠋ᠢ ᠴᠠᠬᠢᠯᠭᠠᠨ ᠴᠡᠨᠡᠭ ᠤᠨ ᠱᠠᠭᠠᠷᠳᠠᠯᠭ᠎ᠠ ᠶᠢ ᠬᠠᠰᠤᠵᠤ᠂ ᠲᠡᠷᠭᠡᠨ | ᠬᠡᠯᠪᠡᠷᠢ ᠶᠢᠨ ᠰᠣᠩᠭᠤᠵᠤ ᠪᠣᠯᠬᠤ ᠬᠡᠪᠴᠢᠶ᠎ᠡ ᠶᠢ ᠥᠷᠭᠡᠳᠬᠡᠪᠡ᠃ ᠬᠤᠶᠠᠷ ᠲᠤ᠂ ᠰᠢᠲᠠᠭᠠᠯᠭ᠎ᠠ ᠶᠢᠨ ᠲᠣᠰᠣ ︵ᠬᠡᠢ︶ | ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠨᠢ ᠤᠷᠢᠳᠴᠢᠯᠠᠨ ᠬᠡᠷᠡᠭᠯᠡᠭᠡᠨ ᠠᠴᠠ ᠭᠠᠷᠭᠠᠵᠤ ᠰᠢᠨ᠎ᠡ | ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠣᠯᠭᠠᠨ ᠰᠢᠨᠠᠳᠭᠡᠬᠦ ᠶᠢ ᠵᠣᠷᠢᠭᠵᠢᠭᠤᠯᠪᠠ᠃ | ᠭᠤᠷᠪᠠ ᠳᠤ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡᠨ ᠤ | ᠡᠵᠡᠩᠨᠡᠯᠲᠡ ᠶᠢᠨ ᠨᠥᠬᠦᠪᠥᠷᠢ ᠶᠢ ᠣᠨ ᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠰᠢᠯᠭᠠᠨ ᠬᠢᠨᠠᠬᠤ ᠳᠤ | ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ ᠡᠵᠡᠩᠨᠡᠯᠲᠡ ᠶᠢᠨ ᠦᠷ᠎ᠡ ᠪᠦᠲᠦᠮᠵᠢ᠂ ᠦᠢᠯᠡᠴᠢᠯᠡᠭᠡᠨ ᠤ ᠬᠢᠷᠢ | ᠲᠦᠪᠰᠢᠨ ᠵᠡᠷᠭᠡ ᠠᠭᠤᠯᠭ᠎ᠠ ᠶᠢ ᠪᠠᠭᠲᠠᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠨᠢ ᠰᠢᠯᠢᠳᠡᠭ᠂ ᠰᠠᠶᠢᠨ᠂ ᠬᠢᠷᠢ | ᠲᠡᠩᠴᠡᠭᠰᠡᠨ ᠪᠠ ᠬᠢᠷᠢ ᠲᠡᠩᠴᠡᠭᠰᠡᠨ ᠦᠭᠡᠢ ᠳᠥᠷᠪᠡᠨ ᠳᠡᠰ ᠬᠤᠪᠢᠶᠠᠵᠤ᠂ ᠮᠠᠨ ᠤ ᠲᠢᠩᠬᠢᠮ ᠰᠢᠯᠭᠠᠨ ᠬᠢᠨᠠᠭᠰᠠᠨ | ᠦᠷ᠎ᠡ ᠳ᠋ᠦᠩ ᠤᠨ ᠶᠣᠰᠣᠭᠠᠷ ᠳᠡᠰ ᠬᠤᠪᠢᠶᠠᠨ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠳᠥᠷᠪᠡ ᠳᠤ᠂ | ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠡᠰᠡᠭ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠪᠠ᠃ | ᠲᠠᠪᠤ ᠳᠤ᠂ ᠲᠦᠷᠢᠶᠡᠰᠦᠨ ᠮᠠᠰᠢᠨ ᠲᠡᠷᠭᠡᠨ ᠤ ᠲᠤᠰᠬᠠᠢ ᠬᠡᠷᠡᠭᠯᠡᠬᠦ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ ᠶᠢᠨ | ᠰᠢᠯᠭᠠᠨ ᠬᠢᠨᠠᠬᠤ ᠪᠠᠷᠢᠮᠵᠢᠶ᠎ᠠ ᠶᠢ ᠨᠠᠷᠢᠨ ᠲᠣᠭᠲᠠᠭᠠᠪᠠ᠃ | |