2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ︽ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ | ᠬᠡᠷᠡᠭᠯᠡᠨ ᠳᠥᠯᠭᠢᠨ ᠠᠬᠢᠭᠤᠯᠬᠤ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠨᠠᠷᠢᠨ | ᠳᠠᠩᠰᠠ︾ ᠶᠢᠨ ᠠᠯᠪᠠᠨ ᠵᠠᠷ ᠢ ᠨᠡᠶᠢᠲᠡᠯᠡᠪᠡ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠲᠦᠯᠬᠢᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ | ᠠᠬᠢᠭᠤᠯᠬᠤ ᠶᠢᠨ ᠲᠥᠯᠥᠭᠡ᠂ ᠡᠳᠦᠭᠡ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠵᠠᠰᠠᠭ ᠤᠨ ᠣᠷᠳᠣᠨ | ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢᠨ ᠵᠠᠭᠪᠤᠷ ᠢᠶᠠᠷ ᠳᠥᠯᠭᠢᠨ | ᠠᠬᠢᠭᠤᠯᠬᠤ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠢ ᠨᠡᠶᠢᠲᠡᠯᠡᠪᠡ᠂ ᠡᠯ᠎ᠡ ᠲᠠᠯ᠎ᠠ ᠶᠢᠨ | ᠨᠡᠶᠢᠭᠡᠮ ᠤᠨ ᠬᠥᠷᠥᠩᠭᠡ ᠶᠢᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠰ ᠭᠠᠵᠠᠷ ᠣᠷᠣᠨ ᠤ ᠪᠠᠨ | ᠲᠥᠷᠥᠯ ᠵᠦᠶᠯ ᠢ ᠪᠣᠳᠠᠲᠠᠶ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠮᠠᠨ ᠤ ᠲᠢᠩᠬᠢᠮ ᠲᠥᠷᠥᠯ ᠵᠦᠶᠯ ᠢ | ᠵᠣᠬᠢᠴᠠᠭᠤᠯᠤᠨ ᠠᠬᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠬᠦ ᠪᠣᠯᠤᠨ᠎ᠠ᠃ ᠡᠯ᠎ᠡ ᠲᠥᠷᠥᠯ ᠵᠦᠶᠯ ᠤᠨ ᠪᠣᠳᠠᠲᠠᠶ | ᠪᠠᠶᠢᠳᠠᠯ ᠪᠤᠶᠤ ᠵᠣᠯᠭᠠᠭᠤᠯᠬᠤ ᠬᠠᠮᠢᠶ᠎ᠠ ᠪᠥᠬᠦᠶ ᠤᠴᠢᠷ ᠶᠠᠪᠤᠳᠠᠯ ᠢ ᠯᠠᠪᠯᠠᠬᠤ ᠰᠠᠨᠠᠭ᠎ᠠ ᠲᠠᠢ ᠪᠣᠯ᠂ ᠡᠯ᠎ᠡ ᠠᠶᠢᠮᠠᠭ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ | ᠰᠢᠭᠤᠳ ᠬᠠᠷᠢᠯᠴᠠᠭᠠᠷᠠᠶ ︵ᠲᠥᠷᠥᠯ ᠵᠦᠶᠯ ᠤᠨ ᠪᠠᠶᠢᠳᠠᠯ ᠵᠢᠴᠢ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠯ | ᠳᠤ ᠦᠵᠡᠭᠡᠷᠡᠶ︶᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠯᠴᠠᠬᠤ ᠬᠥᠮᠦᠨ᠄ | ᠯᠢ ᠫᠧᠩ᠂ 0471 - 6936992 | ᠴᠢᠶᠣᠤ ᠸᠧᠨ ᠲᠢᠩ᠂ ᠮᠠ ᠮᠢᠩ ᠬᠦ᠋᠂ 0471 - 6261831 | | ᠳᠠᠭᠠᠯᠳᠤᠭᠤᠯᠤᠯ᠄ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ | ᠲᠣᠭᠲᠠᠴᠠ ᠶᠢ ᠬᠡᠷᠡᠭᠯᠡᠨ ᠳᠥᠯᠭᠢᠨ ᠠᠬᠢᠭᠤᠯᠬᠤ ᠳᠤ ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ | ᠵᠦᠶᠯ ᠤᠨ ᠨᠠᠷᠢᠨ ᠳᠠᠩᠰᠠ | | | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2024ᠣᠨ ᠤ 2 ᠳ᠋ᠤᠭᠠᠷ ᠰᠠᠷ᠎ᠠ ᠶᠢᠨ 26 ᠤ ᠡᠳᠦᠷ |