ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ
ᠨᠡᠶᠢᠲᠡᠯᠡᠭᠰᠡᠨ ᠴᠠᠭ᠄
2024/3/7
    ᠨᠢᠭᠡ᠂ ᠵᠠᠰᠠᠮᠠᠯ ᠵᠠᠮ ᠤᠰᠤᠨ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠬᠦ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠎ ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠦᠶᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠶᠢ ᠳᠤᠭᠤᠷᠪᠢᠨ ᠲᠣᠭᠲᠠᠭᠠᠬᠤ ᠳᠤ ᠣᠷᠣᠯᠴᠠᠨ᠎ᠠ᠃     ᠬᠤᠶᠠᠷ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠮᠡᠳᠡᠯ ᠤᠨ ᠳᠣᠲᠣᠷᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠶᠠᠪᠤᠳᠠᠯ᠂ ᠬᠡᠮᠵᠢᠶ᠎ᠡ ᠠᠴᠠ ᠭᠡᠲᠦᠷᠡᠭᠦᠯᠦᠭᠰᠡᠨ ᠢ ᠵᠠᠰᠠᠬᠤ᠂ ᠰᠦᠢᠳᠬᠡᠯ ᠲᠠᠲᠠᠪᠤᠷᠢᠯᠠᠬᠤ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃     ᠭᠤᠷᠪᠠ᠂ ᠡᠷᠬᠡ ᠮᠡᠳᠡᠯ ᠤᠨ ᠳᠣᠲᠣᠷᠠᠬᠢ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ ᠶᠢᠨ ᠶᠠᠪᠤᠳᠠᠯ᠂ ᠤᠰᠤᠨ ᠵᠠᠮ ᠎ ᠤᠨ ᠲᠡᠭᠡᠭᠡᠪᠦᠷᠢ ᠶᠢᠨ ᠶᠠᠪᠤᠳᠠᠯ᠂ ᠠᠶᠠᠯᠠᠯ ᠤᠨ ᠵᠠᠮ ᠤᠨ ᠵᠠᠰᠠᠭ ᠵᠠᠬᠢᠷᠭᠠᠨ᠂ ᠣᠷᠣᠨ ᠨᠤᠲᠤᠭ ᠤᠨ ᠳᠠᠯᠠᠶ ᠶᠢᠨ ᠶᠠᠪᠤᠳᠠᠯ ᠤᠨ ᠵᠠᠰᠠᠭ ᠵᠠᠬᠢᠷᠭᠠᠨ᠂ ᠣᠩᠭᠤᠴᠠ ᠰᠠᠯ ᠢ ᠪᠠᠶᠢᠴᠠᠭᠠᠨ ᠬᠡᠮᠵᠢᠵᠦ ᠬᠢᠨᠠᠯᠲᠠ ᠲᠠᠯᠪᠢᠬᠤ᠂ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ᠳᠥᠷᠪᠡ᠂ ᠬᠠᠷᠢᠶ᠎ᠠ ᠪᠦᠬᠦᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠡᠵᠡᠮᠳᠡᠬᠦ ᠣᠷᠣᠨ᠂ ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠢ ᠬᠠᠷᠢᠭᠤᠴᠠᠨ ᠬᠠᠮᠢᠶᠠᠷᠴᠤ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠦᠷᠢᠴᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ᠲᠠᠪᠤ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷᠵᠢᠭᠤᠯᠤᠨ ᠰᠦᠶᠳᠬᠡᠯ ᠬᠤᠷᠢᠶᠠᠬᠤ ᠎ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠰᠦᠶᠳᠬᠡᠯ ᠬᠤᠷᠢᠶᠠᠬᠤ ᠵᠠᠰᠠᠮᠠᠯ ᠵᠠᠮ ᠤᠨ ᠰᠦᠶᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃      ᠵᠢᠷᠭᠤᠭ᠎ᠠ᠂ ᠲᠤᠰ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠪᠣᠯᠤᠨ ᠬᠠᠮᠢᠶᠠᠷᠤᠯᠲᠠ ᠎ ᠶᠢᠨ ᠳᠦᠷᠢᠮ ᠢ ᠰᠤᠳᠤᠯᠤᠨ ᠲᠣᠭᠲᠠᠭᠠᠵᠤ᠂ ᠬᠠᠮᠢᠶ᠎ᠠ ᠪᠦᠬᠦᠢ ᠪᠣᠯᠪᠠᠰᠤᠷᠠᠭᠤᠯᠤᠯ᠂ ᠬᠢᠨᠠᠨ ᠰᠢᠯᠭᠠᠬᠤ ᠵᠡᠷᠭᠡ ᠠᠵᠢᠯ ᠎ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠳᠣᠯᠤᠭ᠎ᠠ᠂ ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃      ᠨᠠᠶᠮᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄     ᠳᠣᠲᠣᠭᠠᠳᠤ ᠳᠤ ᠪᠠᠨ 15 ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ ᠲᠣᠬᠢᠷᠠᠭᠤᠯᠵᠤ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ᠂ ᠵᠠᠮ ᠲᠡᠭᠡᠭᠡᠪᠦᠷᠢ ᠶᠢᠨ ᠶᠠᠪᠤᠳᠠᠯ ᠤᠨ ᠰᠠᠯᠠᠭ᠎ᠠ᠂ ᠤᠰᠤᠨ ᠲᠡᠭᠡᠭᠡᠪᠦᠷᠢ ᠶᠢᠨ ᠲᠡᠯᠡᠶ ᠶᠢᠨ ᠶᠠᠪᠤᠳᠠᠯ ᠤᠨ ᠣᠩᠭᠤᠴᠠ ᠪᠠᠶᠢᠴᠠᠭᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠬᠢᠭᠡᠳ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃     ᠶᠡᠷᠦᠩᠬᠡᠶ ᠠᠩᠭᠢ ᠶᠢᠨ ᠳᠣᠣᠷ᠎ᠠ 13 ᠰᠠᠯᠪᠤᠷᠢ ᠠᠩᠭᠢ ᠲᠣᠬᠢᠷᠠᠭᠤᠯᠵᠤ᠂ ᠲᠤᠬᠠᠶᠢᠯᠠᠪᠠᠯ ᠨᠢᠭᠡᠳᠦᠭᠡᠷ ᠰᠠᠯᠪᠤᠷᠢ ᠠᠩᠭᠢ᠂ ᠬᠤᠶᠠᠳᠤᠭᠠᠷ ᠰᠠᠯᠪᠤᠷᠢ ᠠᠩᠭᠢ…… ᠭᠡᠬᠦ ᠮᠡᠲᠦ ᠪᠠᠷ ᠠᠷᠪᠠᠨ ᠭᠤᠷᠪᠠᠳᠤᠭᠠᠷ ᠰᠠᠯᠪᠤᠷᠢ ᠠᠩᠭᠢ ᠬᠦᠷᠲᠡᠯ᠎ᠡ ᠪᠠᠶᠢᠵᠤ᠂ ᠳᠡᠳ᠋ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃     13 ᠰᠠᠯᠪᠤᠷᠢ ᠠᠩᠭᠢ ᠶᠢᠨ ᠳᠣᠣᠷ᠎ᠠ ᠨᠢ 158 ᠶᠡᠭᠡ ᠠᠩᠭᠢ ᠲᠣᠬᠢᠷᠠᠭᠤᠯᠵᠤ᠂ ᠵᠢᠩᠬᠢᠨᠢ ᠰᠠᠯᠠᠭᠠᠨ ᠤ ᠳᠡᠰ ᠎ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃     13 ᠰᠠᠯᠪᠤᠷᠢ ᠠᠩᠭᠢ ᠨᠢ ᠲᠣᠰ ᠲᠣᠰ ᠵᠢᠩᠬᠢᠨᠢ ᠰᠠᠯᠠᠭᠠᠨ ᠤ ᠲᠠᠰ ᠲᠠᠢ ᠲᠡᠩᠴᠡᠬᠦ 9 ᠳᠣᠲᠣᠭᠠᠳᠤ ᠪᠠᠶᠢᠭᠤᠯᠤᠮᠵᠢ ᠲᠣᠬᠢᠷᠠᠭᠤᠯᠵᠤ᠂ ᠲᠤᠬᠠᠶᠢᠯᠠᠪᠠᠯ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠎ ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠯᠠᠭ᠎ᠠ᠂ ᠡᠳ᠋ ᠤᠨ ᠶᠠᠪᠤᠳᠠᠯ ᠬᠢᠭᠡᠳ ᠲᠣᠨᠤᠭ ᠲᠥᠬᠦᠭᠡᠷᠦᠮᠵᠢ ᠶᠢᠨ ᠰᠠᠯᠠᠭ᠎ᠠ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃     ᠠᠯᠪᠠᠨ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠳᠣᠰ ᠶᠡᠭᠡ ᠵᠡᠭᠡᠯᠢ ᠶᠢᠨ ᠱᠢ ᠳ᠋ᠦᠩ ᠵᠠᠮ ᠤᠨ 6 ᠳ᠋ᠤᠭᠠᠷ ᠨᠣᠮᠧᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠷᠯᠦᠭᠡ ᠶᠢᠨ 9᠄ 00 — 12᠄00᠂  14᠄ 30 —17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠭᠠᠷᠭᠠᠨ᠎ᠠ            ᠬᠠᠷᠢᠯᠴᠠᠬᠤ ᠠᠷᠭ᠎ᠠ ᠮᠠᠶ᠋ᠢᠭ᠄ 0471 — 5973300      ᠬᠠᠷᠢᠭᠤᠴᠠᠯᠭᠠᠲᠠᠨ᠄ ᠸᠠᠩ ᠴᠦᠨ ᠯᠸᠢ  
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号