1. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠥᠷᠨᠢᠭᠦᠯᠦᠨ᠎ᠡ︔ | 2. ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ | ᠬᠥᠭᠵᠢᠯᠲᠡ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠴᠢᠬᠤᠯᠠ ᠶᠡᠭᠡ | ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ | ᠠᠵᠢᠯ ᠢ ᠥᠷᠨᠢᠭᠦᠯᠦᠨ᠎ᠡ᠃ | 3. ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠣᠶᠤᠨᠴᠢ ᠵᠠᠮ ᠬᠠᠷᠢᠯᠴᠠᠭ᠎ᠠ᠂ | ᠪᠣᠬᠢᠷᠳᠤᠯ ᠦᠭᠡᠢ ᠵᠠᠮ ᠬᠠᠷᠢᠯᠴᠠᠭ᠎ᠠ᠂ ᠠᠮᠤᠷ ᠠᠮᠤᠭᠤᠯᠠᠩ ᠵᠠᠮ ᠬᠠᠷᠢᠯᠴᠠᠭᠠᠨ ᠤ ᠳᠤᠮᠳᠠ ᠣᠷᠳᠣ ᠬᠤᠭᠤᠴᠠᠭᠠᠨ ᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠠᠵᠤ ᠠᠬᠤᠢ ᠬᠢᠭᠡᠳ ᠠᠵᠤ ᠦᠢᠯᠡᠰ ᠤᠨ | ᠲᠥᠷᠥ ᠶᠢᠨ ᠪᠣᠳᠣᠯᠭ᠎ᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠰᠤᠳᠤᠯᠭᠠᠨ ᠤ ᠠᠵᠢᠯ ᠢ | ᠥᠷᠨᠢᠭᠦᠯᠦᠨ᠎ᠡ᠃ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠲᠡᠭᠡᠭᠡᠪᠦᠷᠢ ᠶᠢᠨ ᠵᠠᠩᠭᠢᠯᠠᠭ᠎ᠠ᠂ | ᠲᠡᠭᠡᠭᠡᠪᠦᠷᠢ ᠶᠢᠨ ᠨᠡᠪᠲᠡᠷᠡᠬᠦ ᠵᠠᠮ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠯᠠᠭᠤᠯᠤᠯᠲᠠ᠂ | ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ᠂ ᠡᠯ᠎ᠡ ᠵᠦᠢᠯ ᠤᠨ ᠲᠡᠭᠡᠭᠡᠪᠦᠷᠢ ᠶᠢᠨ | ᠠᠷᠭ᠎ᠠ ᠮᠠᠶ᠋ᠢᠭ ᠢ ᠣᠷᠭᠠᠨᠢᠭ ᠢᠶᠠᠷ ᠵᠣᠯᠭᠠᠭᠤᠯᠬᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ ᠶᠢᠨ ᠳᠦᠷᠢᠮ᠂ | ᠪᠠᠷᠢᠮᠵᠢᠶ᠎ᠠ᠂ ᠵᠢᠷᠤᠮᠵᠢᠯ᠂ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ᠃ | 4. ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠡᠷᠡᠭᠯᠡᠭᠡᠨ ᠤ ᠰᠠᠭᠤᠷᠢ᠂ ᠵᠠᠩᠭᠢᠯᠠᠭ᠎ᠠ ᠶᠢᠨ | ᠨᠡᠶᠢᠲᠡᠴᠢ ᠴᠢᠨᠠᠷᠲᠠᠢ ᠮᠡᠷᠭᠡᠵᠢᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ᠂ ᠦᠷ᠎ᠡ ᠪᠦᠲᠦᠭᠡᠯ ᠤᠨ | ᠳᠡᠯᠭᠡᠷᠡᠭᠦᠯᠦᠯᠲᠡ᠂ ᠪᠠᠷᠢᠮᠵᠢᠶᠠᠵᠢᠭᠤᠯᠤᠯᠲᠠ ᠪᠠ ᠴᠢᠳᠠᠪᠤᠷᠢᠲᠠᠨ ᠤ ᠨᠡᠭᠡᠭᠡᠯᠲᠡ ᠶᠢᠨ ᠮᠡᠷᠭᠡᠵᠢᠯ ᠤᠨ ᠲᠤᠯᠭᠠᠭᠤᠷᠢᠯᠠᠯ | ᠪᠠ ᠲᠤᠰᠠᠯᠠᠬᠤ ᠠᠵᠢᠯ ᠢ ᠡᠭᠦᠷᠭᠡᠯᠡᠨ᠎ᠡ︔ ︽ᠥᠪᠥᠷ ᠮᠣᠩᠭᠤᠯ ᠤᠨ ᠵᠠᠰᠠᠮᠠᠯ ᠵᠠᠮ ᠬᠢᠭᠡᠳ ᠲᠡᠭᠡᠭᠡᠪᠦᠷᠢ︾ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠭᠤᠴᠠᠭᠠᠲᠤ ᠰᠡᠳᠬᠦᠯ ᠤᠨ ᠬᠡᠪᠯᠡᠯ ᠤᠨ ᠠᠵᠢᠯ ᠢ ᠡᠭᠦᠷᠭᠡᠯᠡᠨ᠎ᠡ᠃ | 5. ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠲᠤᠰᠢᠶᠠᠵᠤ ᠳᠠᠭᠤᠰᠤᠭᠰᠠᠨ ᠪᠠᠷᠢᠯᠭ᠎ᠠ ᠶᠢ ᠰᠢᠯᠭᠠᠨ | ᠬᠤᠷᠢᠶᠠᠵᠤ ᠪᠠᠶᠢᠴᠠᠭᠠᠨ ᠬᠡᠮᠵᠢᠬᠦ᠂ ᠰᠢᠯᠭᠠᠨ ᠪᠠᠲᠤᠯᠠᠬᠤ ᠴᠢᠨᠠᠷᠲᠠᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠦᠨ᠎ᠡ︔ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ | ᠠᠵᠢᠯ᠂ ᠪᠠᠷᠢᠯᠭ᠎ᠠ ᠶᠢᠨ ᠲᠥᠬᠦᠭᠡᠷᠦᠮᠵᠢ ᠶᠢᠨ ᠬᠡᠮᠵᠢᠯᠲᠡ ᠶᠢ ᠰᠢᠯᠭᠠᠨ ᠲᠣᠭᠲᠠᠭᠠᠵᠤ ᠬᠠᠷᠭᠤᠭᠤᠯᠬᠤ ᠠᠵᠢᠯ ᠢ | ᠡᠭᠦᠷᠭᠡᠯᠡᠵᠦ᠂ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠬᠢᠨᠠᠨ | ᠲᠣᠭᠲᠠᠭᠠᠬᠤ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠬᠡᠷ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ | ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠶᠢᠨ ᠰᠤᠳᠤᠯᠭᠠᠨ ᠤ ᠲᠥᠪ᠂ ᠶᠡᠷᠦᠩᠬᠡᠶᠢᠯᠡᠭᠰᠡᠨ | ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠤᠶᠤᠨᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠲᠤᠤᠷ᠎ᠠ | ᠨᠡᠭᠦᠷᠡᠰᠦᠲᠥ᠋ᠷᠥᠭᠴᠢᠲᠤ ᠵᠠᠮ ᠬᠠᠷᠢᠯᠴᠠᠭᠠᠨ ᠤ ᠰᠤᠳᠤᠯᠭᠠᠨ ᠤ ᠲᠥᠪ᠂ ᠢᠨᠵᠧᠨᠧᠷᠢᠩ ᠤᠨ ᠮᠡᠷᠭᠡᠵᠢᠯ ᠤᠨ | ᠰᠤᠳᠤᠯᠭᠠᠨ ᠤ ᠲᠥᠪ᠂ ᠢᠨᠵᠧᠨᠧᠷᠢᠩ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠲᠥᠪ᠂ ᠢᠨᠵᠧᠨᠧᠷᠢᠩ ᠤᠨ | ᠲᠥᠬᠦᠭᠡᠷᠦᠮᠵᠢ ᠶᠢᠨ ᠬᠡᠮᠵᠢᠯᠲᠡ ᠶᠢᠨ ᠲᠥᠪ᠃ | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠷᠢᠮ ᠵᠠᠮ ᠬᠢᠭᠡᠳ ᠬᠤᠶᠢᠲᠤ | ᠬᠤᠶᠠᠳᠤᠭᠠᠷ ᠲᠣᠭᠤᠷᠢᠯ ᠵᠠᠮ ᠤᠨ ᠠᠭᠤᠯᠵᠠᠷ ᠤᠨ ᠡᠮᠦᠨ᠎ᠡ 300 ᠮᠧᠲᠷ ᠤᠨ ᠪᠠᠷᠠᠭᠤᠨ ᠭᠤᠳᠤᠮᠵᠢ ᠶᠢᠨ ᠳᠣᠲᠣᠷ᠎ᠠ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 — 12᠄ 00᠂ | 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ | ᠬᠠᠷᠢᠭᠤᠴᠠᠯᠭᠠᠲᠠᠨ᠄ ᠵᠠᠩ ᠬᠤᠩ ᠸᠧᠢ | | | |