ᠨᠢᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠵᠢᠯᠯᠠᠭᠠᠨ ᠢ ᠬᠢᠨᠠᠨ ᠬᠡᠮᠵᠢᠬᠦ᠂ | ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠬᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠵᠦ ᠨᠡᠶᠢᠲᠡᠯᠡᠬᠦ᠂ ᠵᠠᠰᠠᠭ ᠤᠨ | ᠶᠠᠪᠤᠳᠠᠯ ᠤᠨ ᠵᠢᠵᠢᠭᠦᠷ ᠵᠡᠷᠭᠡ ᠲᠤᠬᠠᠶᠢᠯᠠᠭᠰᠠᠨ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ | ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | ᠬᠤᠶᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯ ᠭᠠᠮᠰᠢᠭ ᠠᠴᠠ ᠠᠪᠤᠷᠠᠬᠤ᠂ | ᠠᠪᠤᠷᠠᠨ ᠲᠤᠰᠠᠯᠠᠵᠤ ᠱᠦᠭᠦᠬᠦ᠂ ᠵᠠᠮ ᠤᠨ ᠨᠡᠪᠲᠡᠷᠡᠬᠦ ᠶᠢ ᠪᠠᠲᠤᠯᠠᠬᠤ᠂ ᠪᠠᠴᠢᠮ ᠲᠡᠭᠡᠭᠡᠪᠦᠷᠢ ᠵᠡᠷᠭᠡ ᠲᠤᠬᠠᠶᠢᠯᠠᠭᠰᠠᠨ | ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ | ᠡᠭᠦᠷᠭᠡᠯᠡᠵᠦ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠴᠢᠬᠤᠯᠠ ᠴᠠᠭ ᠬᠤᠭᠤᠴᠠᠭ᠎ᠠ᠂ | ᠴᠢᠬᠤᠯᠠ ᠠᠵᠢᠯᠯᠠᠭ᠎ᠠ ᠵᠡᠷᠭᠡ ᠰᠡᠷᠭᠡᠭ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠠᠭᠠᠴᠠᠭᠠᠨ ᠰᠢᠶᠳᠪᠦᠷᠢᠯᠡᠬᠦ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | ᠭᠤᠷᠪᠠ᠂ ᠲᠢᠩᠬᠢᠮ ᠤᠨ ᠨᠢᠭᠤᠴᠠ ᠳᠤ ᠬᠤᠯᠪᠣᠭᠳᠠᠬᠤ ᠠᠵᠢᠯᠯᠠᠬᠤ ᠰᠦᠯᠵᠢᠶᠡᠨ ᠤ ᠰᠢᠰᠲ᠋ᠧᠮ ᠤᠨ ᠡᠳᠦᠷ | ᠲᠤᠲᠤᠮ ᠤᠨ ᠬᠡᠷᠡᠭᠯᠡᠵᠦ ᠬᠠᠮᠢᠶᠠᠷᠬᠤ ᠠᠵᠢᠯ ᠢ ᠡᠭᠦᠷᠭᠡᠯᠡᠨ᠎ᠡ᠃ | ᠳᠥᠷᠪᠡ᠂ ᠠᠵᠢᠯ ᠲᠥᠷᠥᠯ ᠤᠨ ᠦᠶᠯᠡᠴᠢᠯᠡᠭᠡᠨ ᠤ ᠬᠢᠨᠠᠯᠲᠠ ᠲᠠᠯᠪᠢᠬᠤ ᠤᠳᠠᠰᠤ ︵ᠬᠠᠯᠠᠮᠰᠢᠯ ᠤᠲᠠᠰᠤ︶ | ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ | ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠬᠠᠷᠢᠭᠤᠯᠲᠠ ᠥᠭᠬᠦ | ᠲᠤᠬᠠᠶᠢᠯᠠᠭᠰᠠᠨ ᠠᠵᠢᠯ ᠵᠡᠷᠭᠡ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃ | ᠲᠠᠪᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ | ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ ᠠᠯᠪᠠᠨ ᠭᠡᠷ᠂ ᠠᠵᠢᠯᠯᠠᠭᠠᠨ ᠢ ᠬᠢᠨᠠᠨ ᠬᠡᠮᠵᠢᠬᠦ ᠰᠠᠯᠠᠭ᠎ᠠ᠂ ᠪᠠᠴᠢᠮ | ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠰᠠᠯᠠᠭ᠎ᠠ᠂ ᠪᠠᠲᠤᠯᠠᠭ᠎ᠠ ᠶᠢᠨ ᠦᠶᠯᠡᠴᠢᠯᠡᠭᠡᠨ ᠤ ᠰᠠᠯᠠᠭ᠎ᠠ᠃ | ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ | ᠡᠮᠦᠨ᠎ᠡ ᠵᠡᠭᠡᠯᠢ ᠶᠢᠨ 68 ᠳ᠋ᠤᠭᠠᠷ ᠨᠣᠮᠧᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠷᠯᠦᠭᠡ ᠶᠢᠨ 9᠄ 00 — | 12᠄ 00᠂ 14᠄ 30 —17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ | ᠡᠳᠦᠷ ᠡᠴᠡ ᠭᠠᠳᠠᠨ᠎ᠠ | ᠬᠠᠷᠢᠯᠴᠠᠬᠤ ᠤᠲᠠᠰᠤ᠄ 0471-6936998 | ᠬᠠᠷᠢᠭᠤᠴᠠᠯᠭᠠᠲᠠᠨ᠄ ᠯᠢᠦ ᠠᠢ ᠵᠢᠶᠦ᠋ᠨ | |