2024 ᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/1
     ︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 22 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠨᠢ 2024 ᠣᠨ ᠤ ᠠᠩᠬᠠᠳᠤᠭᠠᠷ ᠬᠤᠭᠤᠴᠠᠭᠠᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠳᠦᠭᠡ ᠬᠢᠨᠠᠨ ᠪᠠᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠠᠯᠠᠨ᠎ᠠ ︵ᠳᠠᠭᠠᠯᠳᠤᠭᠤᠯᠤᠯ ᠳᠤ ᠦᠵᠡ︶᠃    ᠨᠢᠭᠡ᠂  ᠵᠠᠷᠯᠠᠨ ᠨᠡᠢᠲᠡᠯᠡᠬᠦ ᠬᠤᠭᠤᠴᠠᠭ᠎ᠠ 2024 ᠣᠨ ᠤ 3 ᠳ᠋ᠤᠭᠠᠷ ᠰᠠᠷ᠎ᠠ ᠶᠢᠨ 27᠎ ᠤ ᠡᠳᠦᠷ ᠠᠴᠠ 2024 ᠣᠨ ᠤ 4 ᠳ᠋ᠦ᠋ᠭᠡᠷ ᠰᠠᠷ᠎ᠠ ᠶᠢᠨ 2᠎ ᠤᠨ ᠡᠳᠦᠷ ︵ᠲᠠᠪᠤᠨ ᠠᠵᠢᠯ ᠤᠨ ᠡᠳᠦᠷ︶ ᠬᠦᠷᠲᠡᠯ᠎ᠡ᠂ ᠵᠠᠷᠯᠠᠨ ᠨᠡᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠵᠢᠴᠢ ᠬᠤᠪᠢ ᠬᠥᠮᠦᠨ ᠴᠥᠮ ᠵᠠᠷᠯᠠᠨ ᠨᠡᠶᠢᠲᠡᠯᠡᠭᠰᠡᠨ ᠠᠵᠤ ᠠᠬᠤᠶᠢᠯᠠᠯ ᠤᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠵᠠᠭᠠᠯᠳᠤᠯᠭ᠎ᠠ ᠬᠢᠵᠦ ᠪᠣᠯᠤᠨ᠎ᠠ᠂ ᠬᠤᠭᠤᠴᠠᠭ᠎ᠠ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ ︵ᠰᠢᠤᠳᠠᠨ ᠢᠶᠠᠷ ᠶᠠᠪᠤᠭᠤᠯᠤᠭᠰᠠᠨ ᠮᠠᠲ᠋ᠧᠷᠢᠶᠠᠯ ᠢ ᠰᠢᠤᠳᠠᠨ ᠤ ᠲᠠᠮᠠᠭ᠎ᠠ ᠳᠠᠷᠤᠭᠰᠠᠨ ᠡᠳᠦᠷ ᠢᠶᠠᠷ ᠪᠠᠷᠢᠮᠵᠢᠶ᠎ᠠ ᠪᠣᠯᠭᠠᠨ᠎ᠠ︶᠂ ᠪᠢᠴᠢᠭ ᠢᠶᠠᠷ ᠭᠤᠮᠣᠳᠠᠯ ᠲᠣᠭᠠᠴᠢᠬᠤ ᠳᠤ ᠭᠤᠮᠣᠳᠠᠯ ᠲᠣᠭᠠᠴᠢᠭᠰᠠᠨ ᠵᠦᠢᠯᠡᠰ᠂ ᠤᠴᠢᠷ ᠰᠢᠯᠲᠠᠭᠠᠨ᠂ ᠦᠨᠳᠦᠰᠦᠯᠡᠯ ᠵᠢᠴᠢ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠪᠠᠭᠲᠠᠭᠠᠨ᠎ᠠ᠃    ᠬᠤᠶᠠᠷ᠂ ᠨᠢᠭᠡᠴᠢ ᠶᠢᠨ ᠭᠤᠮᠣᠳᠠᠯ ᠲᠣᠭᠠᠴᠢᠯᠲᠠ ᠳᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠡᠷᠬᠡ ᠣᠯᠭᠤᠭᠰᠠᠨ ᠣᠷᠣᠯᠠᠭᠴᠢ ᠭᠠᠷ ᠤᠨ ᠦᠰᠦᠭ ᠵᠢᠷᠤᠵᠤ᠂ ᠨᠢᠭᠡᠴᠢ ᠶᠢᠨ ᠠᠯᠪᠠᠨ ᠲᠠᠮᠠᠭ᠎ᠠ ᠳᠠᠷᠤᠵᠤ᠂ ᠦᠨᠡᠨ ᠪᠣᠳᠠᠲᠠᠢ ᠣᠪᠣᠭ ᠨᠡᠷ᠎ᠡ ᠪᠠᠨ ᠵᠢᠷᠤᠵᠤ᠂ ᠨᠢᠭᠡᠴᠢ ᠶᠢᠨ ᠨᠡᠷᠡᠶᠢᠳᠦᠯ᠂ ᠬᠦᠴᠦᠨ ᠪᠦᠬᠦᠢ ᠬᠠᠷᠢᠯᠴᠠᠬᠤ ᠤᠲᠠᠰᠤ ᠪᠠ ᠬᠠᠷᠢᠯᠴᠠᠬᠤ ᠬᠠᠶ᠋ᠢᠭ ᠢᠶᠠᠨ ᠬᠠᠩᠭᠠᠬᠤ ᠬᠡᠷᠡᠭᠲᠡᠢ︔ ᠬᠤᠪᠢ ᠬᠥᠮᠦᠨ ᠤ ᠭᠤᠮᠣᠳᠠᠯ ᠲᠣᠭᠠᠴᠢᠯᠲᠠ ᠳᠤ ᠡᠷᠬᠡᠪᠰᠢ ᠦᠨᠡᠨ ᠪᠣᠳᠠᠲᠠᠶ ᠣᠪᠣᠭ ᠨᠡᠷ᠎ᠡ ᠳᠤ ᠭᠠᠷ ᠤᠨ ᠥᠰᠥᠭ ᠵᠢᠷᠤᠵᠤ᠂ ᠬᠦᠴᠦᠨ ᠪᠥᠬᠦᠶ ᠬᠠᠷᠢᠯᠴᠠᠬᠤ ᠤᠲᠠᠰᠤ ᠪᠠ ᠬᠠᠷᠢᠯᠴᠠᠬᠤ ᠬᠠᠶ᠋ᠢᠭ ᠢ ᠬᠠᠩᠭᠠᠬᠤ ᠬᠡᠷᠡᠭᠲᠡᠶ᠃    ᠭᠤᠷᠪᠠ᠂ ᠵᠠᠭᠠᠯᠳᠤᠬᠤ ᠨᠢᠭᠡᠴᠢ ᠵᠢᠴᠢ ᠬᠤᠪᠢ ᠬᠥᠮᠦᠨ ᠵᠠᠭᠠᠯᠳᠤᠬᠤ ᠵᠦᠢᠯ ᠯᠦᠭᠡ ᠰᠢᠭᠤᠳ ᠠᠰᠢᠭ ᠬᠤᠤᠷ ᠤᠨ ᠬᠠᠷᠢᠴᠠᠭ᠎ᠠ ᠲᠠᠢ ᠪᠠᠶᠢᠵᠤ᠂ ᠪᠣᠳᠠᠲᠠᠶ ᠰᠦᠪᠡᠭᠴᠢ ᠬᠠᠩᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠢ ᠬᠠᠷᠢᠭᠤᠴᠠᠵᠤ᠂ ᠳᠡᠭᠡᠷᠡᠬᠢ ᠨᠥᠬᠦᠴᠡᠯ ᠳᠤ ᠨᠡᠶᠢᠴᠡᠬᠦ ᠦᠭᠡᠶ ᠵᠠᠭᠠᠯᠳᠤᠯᠭ᠎ᠠ ᠶᠢ ᠬᠦᠯᠢᠶᠡᠨ ᠠᠪᠴᠤ  ᠰᠢᠢᠳᠪᠦᠷᠢᠯᠡᠬᠦ ᠦᠭᠡᠶ᠃    ᠳᠥᠷᠪᠡ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ ᠭᠠᠵᠠᠷ ᠪᠣᠯᠣᠨ᠎ᠠ᠃    ᠮᠠᠲ᠋ᠧᠷᠢᠶᠠᠯ ᠤᠨ ᠰᠢᠤᠳᠠᠨ ᠶᠠᠪᠤᠭᠤᠯᠬᠤ ᠬᠠᠶ᠋ᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ᠂ ᠰᠢᠤᠳᠠᠨ ᠤ ᠨᠣᠮᠧᠷ 0100 20᠃ ᠤᠲᠠᠰᠤ᠄ 0471 - 6267737    ᠲᠠᠪᠤ᠂ ᠠᠰᠠᠭᠤᠨ ᠯᠠᠪᠯᠠᠬᠤ ᠤᠲᠠᠰᠤ 0471 - 6962049᠃    ᠳᠠᠭᠠᠯᠳᠤᠭᠤᠯᠤᠯ᠄ 2024 ᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠬᠤᠷᠢᠶᠠᠩᠭᠤᠶ ᠬᠦᠰᠦᠨᠦᠭᠲᠦ   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号