ᠲᠦᠩᠯᠢᠶᠣᠣ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/16
    ᠣᠶᠢᠷ᠎ᠠ ᠳᠤ᠂ ᠲᠦᠩᠯᠢᠶᠣᠣ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ ᠬᠢᠨ 303 ᠤᠯᠤᠰ ᠤᠨ ᠵᠠᠮ᠂ 310 ᠮᠤᠵᠢ ᠶᠢᠨ ᠵᠠᠮ ᠢ ᠨᠠᠷᠢᠯᠢᠭ ᠰᠣᠩᠭᠤᠵᠤ ᠨᠣᠭᠤᠭᠠᠨ ᠪᠠ ᠭᠤᠶᠣ ᠰᠠᠶᠢᠬᠠᠨ ᠵᠠᠮ ᠤᠨ ᠭᠤᠣᠯ ᠱᠤᠭᠤᠮ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠵᠤ᠂ ᠵᠠᠮ ᠤᠨ ᠣᠷᠴᠢᠨ ᠲᠣᠭᠤᠷᠢᠨ ᠢ ᠨᠣᠭᠤᠭᠠᠷᠠᠭᠤᠯᠵᠤ ᠭᠤᠶᠣᠵᠢᠭᠤᠯᠪᠠ᠃ 
49.jpg
     303 ᠤᠯᠤᠰ ᠤᠨ ᠵᠠᠮ ᠲᠦᠩᠯᠢᠶᠣᠣ ᠬᠤᠲᠠ ᠶᠢᠨ ᠵᠡᠭᠦᠨ ᠪᠠᠷᠠᠭᠤᠨ ᠢ ᠬᠥᠨᠳᠡᠯᠡᠨ ᠨᠠᠪᠲᠠᠷᠡᠭᠦᠯᠵᠦ᠂ ᠵᠡᠭᠦᠨ ᠬᠤᠶᠢᠲᠤ ᠣᠷᠣᠨ ᠤ ᠳᠣᠲᠤᠷ᠎ᠠ ᠭᠠᠵᠠᠷ ᠪᠠ ᠤᠮᠠᠷᠠᠲᠤ ᠣᠷᠣᠨ ᠤ ᠬᠢᠯᠢ ᠬᠢᠵᠠᠭᠠᠷ ᠢ ᠬᠤᠯᠪᠣᠭᠰᠠᠨ ᠴᠢᠬᠤᠯᠠ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠮ ᠪᠣᠯᠣᠨ᠎ᠠ︔ 310 ᠮᠤᠵᠢ ᠶᠢᠨ ᠵᠠᠮ ᠪᠣᠯ ᠬᠤᠲᠠ ᠶᠢᠨ ᠬᠤᠶᠢᠲᠤ ᠲᠠᠯ᠎ᠠ ᠶᠢ ᠲᠣᠭᠤᠷᠢᠭᠰᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠠᠮ ᠬᠠᠷᠢᠯᠴᠠᠭᠠᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠣᠨ᠎ᠠ᠃ ᠬᠤᠶᠠᠷ ᠵᠠᠰᠠᠮᠠᠯ ᠵᠠᠮ ᠪᠣᠯ ᠳᠣᠲᠣᠭᠠᠳᠤ ᠭᠠᠳᠠᠭᠠᠳᠤ ᠶᠢ ᠬᠤᠯᠪᠣᠭᠰᠠᠨ ᠴᠢᠬᠤᠯᠠ ︽ᠡᠭᠦᠳᠡ ᠡᠷᠦᠬᠡ ᠶᠢᠨ ᠱᠤᠭᠤᠮ︾ ᠪᠣᠯᠣᠨ᠎ᠠ᠃ ᠣᠳᠣᠬᠠᠨ ᠳᠤ᠂ ᠠᠯᠲᠠᠨ ᠨᠠᠪᠴᠢᠲᠤ ᠬᠠᠶᠢᠯᠠᠰᠤ ᠵᠡᠷᠭᠡ 3840 ᠭᠠᠷᠤᠢ ᠰᠠᠭᠤᠷᠢ᠂ ᠲᠠᠪᠤᠯᠵᠢᠨ ᠪᠠᠲᠤᠴᠠᠭᠠᠨ ᠵᠡᠷᠭᠡ 10 ᠲᠦᠮᠡ ᠭᠠᠷᠤᠢ ᠰᠠᠭᠤᠷᠢ ᠮᠣᠳᠣ ᠵᠠᠶᠢᠯᠠᠵᠤ᠂ 1000 ᠪᠣᠳᠠ ᠭᠤᠣᠯᠲᠤ ᠪᠣᠷᠣ ᠶᠢ ᠨᠦᠬᠦᠨ ᠵᠠᠶᠢᠯᠠᠵᠤ᠂ 6 ᠰᠣᠶᠣᠯ ᠤᠨ ᠵᠢᠵᠢᠭ ᠪᠦᠲᠦᠭᠡᠭᠳᠡᠬᠦᠨ ᠢ ᠤᠭᠰᠠᠷᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ 
50.jpg
     ᠲᠣᠰ ᠲᠥᠪ ᠨᠢ ᠡᠨᠡ ᠵᠢᠯ ᠪᠥᠬᠦ ᠱᠤᠭᠤᠮ ᠤᠨ 1828 ᠺᠢᠯᠣᠮᠧᠲᠷ ᠤᠨ ᠤᠯᠤᠰ ᠮᠤᠵᠢ ᠶᠢᠨ ᠭᠤᠣᠯ ᠱᠤᠭᠤᠮ ᠳᠤ ᠵᠠᠮ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠬᠢᠵᠦ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾᠎ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ ᠪᠠᠶᠢᠨ᠎ᠠ᠃ ︵ᠴᠧᠨ ᠰᠢᠶᠣᠣ ᠵᠢᠩ ︶ 
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号