110 ᠤᠯᠤᠰ ᠤᠨ ᠵᠠᠮ ᠤᠨ ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠪᠣᠯᠣᠳ ᠬᠦᠦᠷᠯᠢᠭ ᠵᠠᠮ ᠪᠥᠬᠦ ᠱᠤᠭᠤᠮ ᠢᠶᠠᠷ ᠨᠡᠪᠲᠡᠷᠡᠪᠡ
ᠨᠡᠶᠢᠲᠡᠯᠡᠭᠰᠡᠨ ᠴᠠᠭ᠄
2024/4/16
    4 ᠳ᠋ᠦ᠋ᠭᠡᠷ ᠰᠠᠷ᠎ᠠ ᠶᠢᠨ 14 ᠤ ᠦᠳᠡ ᠶᠢᠨ ᠬᠤᠶᠢᠨ᠎ᠠ᠂ ᠬᠠᠮᠤᠭ ᠰᠡᠭᠦᠯᠴᠢ ᠶᠢᠨ ᠭᠥᠭᠦᠷᠭᠡ ᠶᠢ ᠰᠤᠨᠳᠠᠯᠠᠭᠰᠠᠨ  ᠭᠠᠳᠠᠷᠭᠤ ᠶᠢᠨ ᠨᠢᠭᠡ ᠬᠠᠪᠲᠠᠰᠤ ᠶᠢ ᠳᠡᠪᠢᠰᠴᠦ ᠳᠠᠭᠤᠰᠬᠤ ᠶᠢ ᠳᠠᠭᠠᠯᠳᠤᠨ᠂ 110 ᠤᠯᠤᠰ ᠤᠨ ᠵᠠᠮ ᠤᠨ ᠳ᠋ᠧᠩᠺᠸᠤ ᠶᠢᠨ ᠬᠠᠲᠤᠨ ᠭᠤᠣᠯ ᠤᠨ ᠶᠡᠭᠡ ᠬᠥᠭᠦᠷᠭᠡ ᠶᠢᠨ ᠲᠥᠷᠥᠯ ᠵᠦᠢᠯ ᠤᠨ ᠪᠣᠯᠣᠳ ᠬᠦᠦᠷᠯᠢᠭ ᠵᠠᠮ ᠢ ᠠᠮᠵᠢᠯᠲᠠ ᠲᠠᠢ ᠬᠤᠯᠪᠤᠵᠤ᠂ ᠪᠥᠬᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠪᠡ᠃ ᠡᠨᠡᠬᠦ ᠵᠠᠩᠭᠢᠯᠠᠭ᠎ᠠ ᠶᠢᠨ ᠴᠡᠭ ᠢ ᠤᠷᠤᠭᠰᠢᠲᠠᠢ ᠪᠡᠶᠡᠯᠡᠭᠦᠯᠦᠭᠰᠡᠨ ᠨᠢ ᠲᠦᠷᠦᠯ ᠵᠦᠢᠯ ᠤᠨ ᠲᠦᠷ ᠴᠠᠭ ᠤᠨ ᠡᠵᠡᠮᠳᠡᠬᠦ ᠴᠢᠨᠠᠷᠲᠠᠢ ᠪᠠᠷᠢᠯᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃
W020240415640628004804.jpg
    ᠪᠣᠯᠣᠳ ᠬᠦᠦᠷᠯᠢᠭ ᠵᠠᠮ ᠨᠢ ᠳ᠋ᠧᠩᠺᠸᠦ ᠶᠢᠨ ᠬᠠᠲᠤᠨ ᠭᠤᠣᠯ ᠤᠨ ᠶᠡᠭᠡ ᠬᠥᠭᠦᠷᠭᠡ ᠶᠢ ᠪᠠᠶᠢᠭᠤᠯᠬᠤ ᠲᠦᠷ ᠴᠠᠭ ᠤᠨ ᠵᠠᠮ ᠪᠣᠯᠤᠭᠰᠠᠨ ᠤ ᠬᠤᠪᠢ ᠳᠤ᠂ ᠠᠵᠢᠯᠲᠠᠨ᠂ ᠲᠣᠨᠤᠭ ᠲᠥᠬᠦᠭᠡᠷᠦᠮᠵᠢ ᠨᠡᠪᠲᠡᠷᠡᠬᠦ᠂ ᠮᠠᠲ᠋ᠧᠷᠢᠶᠠᠯ ᠲᠡᠭᠡᠭᠡᠪᠦᠷᠢᠯᠡᠬᠦ ᠳᠤ ᠵᠠᠪᠠᠯ ᠥᠩᠭᠡᠷᠡᠬᠦ ᠵᠠᠮ ᠪᠠᠶᠢᠵᠤ᠂ ︽ᠠᠮᠢᠨ ᠰᠤᠳᠠᠰᠤ︾ ᠭᠡᠵᠦ ᠨᠡᠷᠡᠯᠡᠳᠡᠭ᠃ ᠲᠣᠰ ᠤᠳᠠᠭᠠᠨ ᠤ ᠪᠣᠯᠣᠳ ᠬᠦᠦᠷᠯᠢᠭ ᠵᠠᠮ ᠢ ︽ᠵᠢᠭᠠᠰᠤ ᠭᠥᠬᠢᠳᠡᠬᠦ ᠠᠷᠭ᠎ᠠ︾ ᠪᠠᠷ ᠪᠠᠶᠢᠭᠤᠯᠵᠤ᠂ ᠪᠣᠯᠣᠳ ᠬᠦᠦᠷᠯᠢᠭ ᠵᠠᠮ ᠤᠨ ᠭᠠᠳᠠᠷᠭᠤ ᠶᠢ ᠤᠭᠰᠠᠷᠠᠮᠠᠯ ᠬᠡᠯᠪᠡᠷᠢ ᠶᠢᠨ ᠪᠦᠲᠦᠴᠡ ᠶᠢ ᠬᠡᠷᠡᠭᠯᠡᠵᠦ᠂ ᠤᠭᠰᠠᠷᠠᠬᠤ ᠨᠤᠷᠠᠭᠠᠬᠤ ᠳᠤ ᠲᠥᠬᠦᠮ ᠪᠣᠯᠭᠠᠵᠤ᠂ ᠪᠣᠯᠣᠳ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠦᠨᠡᠨ ᠬᠦ ᠪᠦᠲᠦᠮᠵᠢᠲᠡᠶ ᠪᠠᠲᠤᠯᠠᠵᠤ᠂ ᠬᠥᠭᠦᠷᠭᠡ ᠶᠢᠨ ᠭᠠᠳᠠᠷᠭᠤ ᠴᠡᠪᠡᠷ ᠲᠡᠭᠰᠢ ᠪᠠᠶᠢᠬᠤ ᠶᠢ ᠶᠡᠭᠡ ᠪᠠᠷ ᠳᠡᠭᠡᠭᠰᠢᠯᠡᠭᠦᠯᠵᠦ᠂ ᠳᠠᠭᠠᠭᠠᠮᠠᠭᠠᠢ ᠴᠢᠨᠠᠷ ᠪᠠ ᠠᠮᠤᠷ ᠲᠦᠪᠰᠢᠨ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠪᠣᠯᠣᠳ ᠬᠦᠦᠷᠯᠢᠭ ᠵᠠᠮ ᠢ ᠳᠡᠪᠢᠰᠬᠦ ᠠᠵᠢᠯ 35 ᠡᠳᠦᠷ ᠶᠠᠪᠤᠭᠳᠠᠵᠤ ᠂ ᠪᠥᠬᠦ ᠱᠤᠭᠤᠮ ᠢᠶᠠᠷ ᠨᠡᠪᠲᠡᠷᠡᠭᠰᠡᠨ ᠨᠢ 110 ᠤᠯᠤᠰ ᠤᠨ ᠵᠠᠮ ᠤᠨ  ᠳ᠋ᠧᠩᠺᠸᠦ ᠶᠢᠨ ᠬᠠᠲᠤᠨ ᠭᠤᠤᠯ ᠤᠨ ᠶᠡᠭᠡ ᠬᠥᠭᠦᠷᠭᠡ ᠶᠢᠨ ᠲᠥᠷᠥᠯ ᠵᠦᠢᠯ ᠢ ᠪᠥᠬᠦ ᠲᠠᠯ᠎ᠠ ᠪᠠᠷ ᠤᠰᠤᠨ ᠤ ᠳᠣᠣᠷᠠᠬᠢ ᠪᠠᠷᠢᠯᠭ᠎ᠠ ᠶᠢᠨ ᠠᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠪᠦᠬᠦ ᠲᠠᠯ᠎ᠠ ᠪᠠᠷ ᠣᠷᠣᠭᠰᠠᠨ ᠢ ᠬᠠᠷᠠᠭᠤᠯᠵᠤ ᠪᠠᠶᠢᠬᠤ ᠪᠥᠭᠡᠳ 2024 ᠣᠨ ᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃     ᠳ᠋ᠧᠩᠺᠸᠤ ᠶᠢᠨ ᠬᠠᠳᠤᠨ ᠭᠤᠣᠯ ᠤᠨ ᠣᠨᠴᠠ ᠶᠡᠭᠡ ᠬᠥᠭᠦᠷᠭᠡ ᠶᠢᠨ ᠵᠠᠰᠠᠮᠠᠯ ᠵᠠᠮ ᠤᠨ ᠢᠨᠵᠧᠨᠧᠷᠢᠩ ᠤᠨ ᠲᠦᠷᠦᠯ ᠵᠦᠢᠯ ᠢ 2026 ᠣᠨ ᠤ ᠡᠴᠦᠰ ᠲᠤ ᠲᠡᠷᠭᠡ ᠨᠡᠪᠲᠡᠷᠡᠭᠦᠯᠬᠦ ᠪᠠᠷ ᠲᠥᠯᠥᠪᠯᠡᠵᠦ᠂ ᠲᠤᠰ ᠲᠦᠷᠦᠯ ᠵᠦᠢᠯ ᠢ ᠪᠠᠶᠢᠭᠤᠯᠵᠤ ᠳᠠᠭᠤᠰᠬᠠᠬᠤ  ᠨᠢ ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠭᠤᠣᠯ ᠱᠤᠭᠤᠮ ᠤᠨ ᠵᠠᠮ ᠤᠨ ᠲᠣᠣᠷ ᠤᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠲᠦᠷᠦᠯ ᠵᠦᠢᠯ ᠤᠨ ᠪᠠᠶᠢᠭ᠎ᠠ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠠᠳᠤᠨ ᠭᠤᠣᠯ ᠳᠠᠭᠠᠤ ᠶᠢᠨ ᠰᠠᠪᠠ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号