ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠦᠬᠦ ᠣᠷᠣᠨ ᠤ ᠶᠠᠰᠤ ᠴᠢᠨᠠᠷ ᠤᠨ ᠬᠤᠷᠠᠯ ᠳᠡᠭᠡᠷ᠎ᠡ ᠰᠠᠨᠠᠯ ᠎ ᠢᠶᠠᠨ ᠰᠣᠯᠢᠯᠴᠠᠬᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/4/17
54.jpg
       4 ᠳ᠋ᠦ᠋ᠭᠡᠷ ᠰᠠᠷ᠎ᠠ ᠶᠢᠨ 15᠎ ᠤ ᠡᠳᠦᠷ᠂ ᠪᠥᠬᠦ ᠣᠷᠣᠨ ᠤ ᠶᠠᠰᠤ ᠴᠢᠨᠠᠷ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠰᠤ ᠴᠢᠨᠠᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠎ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠎ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ︽ᠤᠷᠢᠳ ᠢᠶᠠᠷ ᠬᠢᠵᠦ ᠳᠠᠷᠠᠭ᠎ᠠ ᠨᠢ ᠰᠢᠨ᠎ᠡ ᠭᠠᠪᠢᠶ᠎ᠠ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠴᠢᠨᠠᠷ ᠰᠠᠶᠢᠲᠠᠶ ᠦᠶᠯᠡᠴᠢᠯᠡᠭᠡ ᠬᠠᠩᠭᠠᠬᠤ︾ ᠭᠡᠬᠦ ᠰᠡᠳᠦᠪ ᠢᠶᠠᠷ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
55.jpg
     ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠭᠤᠷᠪᠠᠨ ᠳᠡᠰ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠲᠣᠭᠲᠠᠴᠠ ᠶᠢ ᠰᠢᠯᠤᠭᠤᠳᠬᠠᠨ᠂ 81 ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠲᠣᠭᠠᠴᠢᠯᠠᠭᠰᠠᠨ ᠬᠠᠮᠢᠶᠠᠷᠤᠯᠲᠠ ᠶᠢ ᠠᠬᠢᠭᠤᠯᠤᠨ᠂ ᠪᠠᠷᠢᠯᠭ᠎ᠠ ᠶᠢᠨ ᠶᠠᠰᠤ ᠴᠢᠨᠠᠷ ᠨᠢ ᠪᠦᠬᠦᠯᠢ ᠴᠣᠭᠴᠠ ᠪᠠᠷ ᠢᠶᠠᠨ ᠰᠠᠶᠢᠨ ᠪᠠᠶᠢᠵᠤ᠂ ᠨᠢᠭᠡ ᠤᠳᠠᠭᠠᠨ ᠤ ᠠᠵᠢᠯ ᠲᠤᠰᠢᠶᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠨᠣᠷᠮ᠎ᠠ ᠨᠢ 100%᠎ ᠳᠤ ᠬᠦᠷᠴᠦ᠂ 3 ᠲᠥᠷᠥᠯ ᠵᠦᠶᠯ ᠨᠢ ᠤᠯᠤᠰ ᠤᠨ ︽ᠯᠢ ᠴᠦᠨ ᠱᠠᠩᠨᠠᠯ︾᠎ ᠢ ᠭᠥᠷᠳᠡᠵᠦ᠂ 8 ᠲᠥᠷᠥᠯ ᠵᠦᠶᠯ ᠨᠢ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠢᠨᠵᠧᠨᠧᠷᠢᠩ ᠤᠨ ᠶᠠᠰᠤ ᠴᠢᠨᠠᠷ ᠤᠨ ᠱᠠᠩᠨᠠᠯ ᠢ ᠭᠥᠷᠳᠡᠪᠡ᠃ ᠪᠣᠬᠢᠷᠲᠤᠯ ᠦᠭᠡᠶ ᠤᠳᠤᠷᠢᠳᠤᠮᠵᠢ ᠶᠢ ᠪᠠᠷᠢᠮᠲᠠᠯᠠᠨ᠂ ᠣᠶᠢᠷ᠎ᠠ ᠶᠢᠨ ᠬᠤᠶᠠᠷ ᠵᠢᠯ ᠎ ᠳᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 1640 ᠲᠦᠮᠡᠨ ᠲᠣᠨ ᠡᠬᠢ ᠪᠠᠶᠠᠯᠢᠭᠵᠢᠭᠤᠯᠤᠨ ᠠᠰᠢᠭᠯᠠᠵᠤ᠂ ᠳᠡᠭᠡᠳᠦ ᠬᠤᠷᠳᠤ ᠎ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠣᠷᠣᠨ ᠪᠣᠯᠤᠨ ᠨᠥᠬᠦᠴᠡᠯ ᠪᠦᠷᠢᠯᠳᠦᠭᠦᠯᠦᠭᠰᠡᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠣᠷᠣᠨ ᠳᠤ ᠴᠠᠬᠢᠯᠭᠠᠨ ᠴᠡᠨᠡᠭᠯᠡᠬᠦ ᠲᠦᠭᠦᠭᠡᠷᠦᠮᠵᠢ ᠶᠢ ᠪᠦᠬᠦᠨ ᠢ ᠬᠠᠮᠤᠷᠤᠭᠤᠯᠵᠤ᠂ ᠨᠡᠶᠢᠲᠡ ᠶᠢᠨ ᠮᠠᠰᠢᠨ ᠲᠡᠷᠭᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠳᠤ ᠴᠥᠮ ᠰᠢᠨ᠎ᠡ ᠡᠨᠧᠷᠭᠢ ᠶᠢᠨ ᠲᠡᠷᠭᠡ ᠶᠢ ᠬᠡᠷᠡᠭᠯᠡᠵᠦ᠂ ᠠᠵᠤ ᠠᠬᠤᠶ ᠬᠢᠭᠡᠳ ᠠᠮᠢ ᠠᠬᠤᠶ ᠶᠢᠨ ᠦᠷ᠎ᠡ ᠠᠰᠢᠭ ᠢᠯᠡᠷᠬᠡᠶ ᠪᠣᠯᠪᠠ᠃ ᠵᠠᠮ ᠬᠠᠷᠢᠯᠴᠠᠭ᠎ᠠ ᠪᠠᠷᠠᠭ᠎ᠠ ᠶᠢᠨ ᠭᠦᠶᠯᠭᠡᠭᠡᠨ ᠤ ᠬᠦᠷᠢᠶ᠎ᠡ ᠴᠠᠷᠠᠭ᠎ᠠ ᠶᠢᠨ ᠰᠢᠨ᠎ᠡ ᠶᠢ ᠡᠭᠦᠳᠦᠨ ᠬᠥᠭᠵᠢᠬᠦ ᠎ ᠶᠢ ᠠᠬᠢᠭᠤᠯᠵᠤ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ᠂ ᠣᠯᠠᠨ ᠬᠡᠯᠪᠡᠷᠢ ᠎ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠵᠢᠷᠤᠮᠵᠢᠭᠰᠠᠨ ᠲᠥᠰᠦᠯ ᠢ ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠲᠤᠰ ᠭᠠᠵᠠᠷ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠂ ᠪᠠᠷᠠᠭ᠎ᠠ ᠶᠢᠨ ᠭᠦᠶᠯᠭᠡᠭᠡᠨ ᠤ ᠦᠷ᠎ᠡ ᠪᠦᠲᠦᠮᠵᠢ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠡᠢ᠃               ︽ᠬᠤᠶᠠᠷ ᠢ ᠰᠢᠯᠢᠳᠡᠭᠵᠢᠭᠦᠯᠬᠦ︾ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠮ ᠲᠡᠭᠡᠭᠡᠪᠦᠷᠢ ᠶᠢᠨ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠲᠤᠬᠠᠶᠢᠯᠠᠭᠰᠠᠨ ᠠᠵᠢᠯ ᠢ ᠨᠡᠶᠢᠲᠡ 31 ᠲᠦᠮᠡᠨ ᠬᠤᠪᠢ ᠭᠥᠯᠢᠶᠡᠨ ᠠᠪᠴᠤ ᠰᠢᠶᠳᠪᠦᠷᠢᠯᠡᠨ᠂ ᠭᠦᠶᠴᠡᠳᠬᠡᠭᠰᠡᠨ ᠠᠮᠵᠢᠯᠲᠠ ᠶᠢᠨ ᠨᠣᠷᠮ᠎ᠠ᠂ ᠰᠠᠶᠢᠨ ᠦᠨᠡᠯᠡᠯᠲᠡ ᠶᠢᠨ ᠨᠣᠷᠮ᠎ᠠ ᠨᠢ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠪᠠ︔ ᠨᠠᠰᠤᠲᠠᠨ ᠢᠶᠠᠨ ᠬᠦᠨᠳᠦᠯᠡᠵᠦ ᠬᠠᠶᠢᠷᠠᠯᠠᠬᠤ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠪᠠᠶᠢᠭᠤᠯᠵᠤ᠂ ᠲᠦᠷᠢᠶᠡᠰᠦᠨ ᠮᠠᠰᠢᠨ ᠲᠡᠷᠭᠡᠨ ᠤ ᠤᠲᠠᠰᠤ ᠪᠠᠷ ᠳᠠᠭᠤᠳᠠᠬᠤ ᠨᠣᠮᠧᠷ ᠢ ᠨᠡᠪᠲᠡᠷᠡᠭᠦᠯᠵᠦ᠂ ︽12328︾᠂       ︽12345︾ ᠬᠠᠯᠠᠮᠰᠢᠯ ᠤᠲᠠᠰᠤ ᠳᠤ ᠲᠦᠰᠢᠭᠯᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠤᠨ ᠠᠰᠠᠭᠤᠳᠠᠯ ᠢ ᠬᠠᠮᠵᠢᠯᠴᠠᠨ ᠰᠢᠶᠳᠪᠦᠷᠢᠯᠡᠵᠦ᠂ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠲᠡᠭᠡᠭᠡᠪᠦᠷᠢ ᠶᠢᠨ ᠦᠶᠯᠡᠴᠢᠯᠡᠭᠡ ᠬᠦᠷᠲᠡᠭᠡᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号