ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠳ᠋ᠧᠩᠺᠸᠦ ᠶᠢᠨ ᠬᠠᠳᠤᠨ ᠭᠤᠣᠯ ᠤᠨ ᠣᠨᠴᠠ ᠶᠡᠭᠡ ᠬᠥᠭᠦᠷᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠠᠭ ᠰᠠᠶᠢᠬᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/4/17
51.jpg
    4 ᠳ᠋ᠦ᠋ᠭᠡᠷ ᠰᠠᠷ᠎ᠠ ᠶᠢᠨ 13᠎ ᠤ ᠡᠳᠦᠷ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠳ᠋ᠧᠩᠺᠸᠦ ᠶᠢᠨ ᠬᠠᠳᠤᠨ ᠭᠤᠣᠯ ᠤᠨ ᠣᠨᠴᠠ ᠶᠡᠭᠡ ᠬᠥᠭᠦᠷᠭᠡ ᠶᠢᠨ ᠲᠦᠷᠦᠯ ᠵᠦᠢᠯ ᠶᠠᠭ ᠤᠰᠤᠨ ᠳᠠᠬᠢ ᠭᠤᠣᠯ ᠲᠤᠯᠭᠠᠭᠤᠷᠢ ᠶᠢᠨ ᠳᠡᠭᠦᠵᠢᠯᠡᠵᠦ ᠴᠢᠳᠬᠤᠬᠤ ᠬᠡᠰᠡᠭ ᠢ ᠪᠧᠲ᠋ᠣᠨ ᠢᠶᠠᠷ ᠴᠢᠳᠬᠤᠬᠤ ᠠᠵᠢᠯ ᠢ ᠬᠢᠵᠦ ᠪᠠᠶᠢᠨ᠎ᠠ᠃
52.jpg
    ᠤᠰᠤᠨ ᠳᠠᠬᠢ ᠬᠦᠨᠳᠦ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ᠃
53.jpg
    ᠳᠦᠭᠦᠮ ᠳᠦᠲᠡ ᠦᠷᠭᠡᠨ ᠠᠭᠤᠳᠠᠮ ᠤᠰᠤᠨ ᠳᠠᠬᠢ ᠪᠣᠯᠤᠳ ᠬᠦᠦᠷᠯᠢᠭ ᠵᠠᠮ᠃    ᠪᠦᠬᠦ ᠱᠤᠭᠤᠮ ᠤᠨ ᠵᠠᠩᠭᠢᠯᠠᠭ᠎ᠠ ᠶᠢᠨ ᠢᠨᠵᠧᠨᠧᠷᠢᠩ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠠᠢᠮᠠᠳᠤᠭᠠᠷ ᠲᠣᠪᠴᠢᠶ᠎ᠠ ᠶᠢᠨ ᠪᠦᠯᠦᠭᠯᠡᠯ ᠤᠨ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ ᠵᠦᠢᠯ ᠤᠨ ᠪᠦᠯᠬᠦᠮ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠣᠳᠣᠬᠠᠨ ᠳᠤ᠂ ᠶᠡᠭᠡ ᠬᠥᠭᠦᠷᠭᠡ ᠶᠢᠨ ᠬᠦᠨᠳᠦ ᠶᠢᠨ ᠲᠠᠪᠴᠠᠩ᠂ ᠲᠤᠯᠭᠠᠭᠤᠷ ᠤᠨ ᠪᠡᠶ᠎ᠡ ᠶᠢ ᠨᠢᠭᠡᠨᠲᠡ ᠪᠦᠬᠦᠨ ᠢ ᠳᠠᠭᠤᠰᠬᠠᠵᠤ᠂ ᠬᠥᠭᠦᠷᠭᠡ ᠶᠢᠨ ᠳᠡᠭᠡᠷ᠎ᠡ ᠲᠠᠯ᠎ᠠ ᠶᠢᠨ ᠪᠦᠲᠦᠴᠡ ᠶᠢᠨ ᠪᠠᠷᠢᠯᠭ᠎ᠠ ᠯᠠᠪᠳᠠᠭᠤᠨ ᠢᠶᠠᠷ ᠠᠭᠢᠵᠤ᠂ ᠵᠢᠱᠢᠯᠲᠡ ᠪᠠᠷ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠶᠡᠭᠡ ᠬᠥᠭᠦᠷᠭᠡ ᠨᠢ ᠨᠡᠶᠢᠯᠡᠭᠦᠯᠬᠦ ᠪᠣᠯᠤᠨ᠎ᠠ᠃ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠣᠯ ᠪᠡᠭᠡᠵᠢᠩ ᠠᠴᠠ ᠯᠠᠨᠵᠸᠦ ᠬᠦᠡᠬᠦ ᠵᠠᠮ ᠤᠨ ᠴᠢᠬᠤᠯᠠ ᠭᠤᠭᠴᠤᠭ᠎ᠠ ᠪᠠᠶᠢᠵᠤ᠂ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠤᠨ ᠪᠠᠶᠢᠷᠢᠰᠢᠯ ᠢ ᠲᠡᠭᠦᠯᠳᠡᠷᠵᠢᠭᠦᠯᠬᠦ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠢ ᠰᠢᠯᠢᠳᠡᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃                    ᠥᠪᠥᠷ ᠮᠣᠩᠭᠤᠯ ᠤᠨ ᠡᠳᠦᠷ ᠤᠨ ᠰᠣᠨᠢᠨ · ᠲᠠᠯ᠎ᠠ ᠨᠤᠲᠤᠭ ᠪᠦᠷᠢᠨ ᠵᠠᠭᠤᠴᠢᠯᠠᠭᠤᠷ ᠤᠨ                    ᠰᠤᠷᠪᠤᠯᠵᠢᠯᠠᠭᠴᠢ᠄ ᠰᠢᠤᠸᠠᠢ ᠯᠠᠶ                    ᠲᠠᠯ᠎ᠠ ᠨᠤᠲᠤᠭ ᠪᠦᠷᠢᠨ ᠵᠠᠭᠤᠴᠢᠯᠠᠭᠤᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号