ᠮᠤᠵᠢ ᠶᠢᠨ ᠵᠠᠮ ᠤᠨ 504 ᠱᠤᠭᠤᠮ ᠤᠨ ᠵᠠᠰᠠᠮᠠᠯ ᠵᠠᠮ ᠤᠨ ᠢᠨᠵᠧᠨᠧᠷᠢᠩ ᠤᠨ ᠠᠵᠢᠯ ᠢ ᠪᠦᠬᠦ ᠱᠤᠭᠤᠮ ᠢᠶᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/4/19
    ᠣᠶᠢᠷ᠎ᠠ ᠳᠤ᠂ ᠮᠤᠵᠢ ᠶᠢᠨ ᠵᠠᠮ ᠤᠨ 504 ᠱᠤᠭᠤᠮ ᠤᠨ ᠵᠠᠰᠠᠮᠠᠯ ᠵᠠᠮ ᠤᠨ ᠲᠥᠷᠥᠯ ᠵᠦᠢᠯ ᠤᠨ ᠰᠦᠨ ᠵᠢᠶᠠ ᠶᠢᠩᠽᠢ ᠶᠢᠨ ᠶᠡᠭᠡ ᠬᠥᠭᠦᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠨᠢᠷᠤᠭᠤ ᠶᠢᠨ ᠬᠠᠪᠲᠠᠰᠤ ᠶᠢᠨ ᠴᠢᠭᠢᠭᠯᠢᠭ ᠵᠠᠯᠭᠠᠯᠳᠤᠭᠤᠯᠬᠤ ᠵᠠᠭᠠᠳᠠᠰᠤ ᠶᠢ ᠪᠣᠯᠣᠳ ᠰᠢᠷᠪᠦᠰᠦᠨ ᠭᠠᠩᠨᠠᠯᠲᠠ ᠬᠢᠵᠦ᠂ ᠲᠤᠬᠠᠶ ᠶᠢᠨ ᠲᠠᠯᠠᠪᠠᠢ ᠳᠤ ᠮᠠᠰᠢᠨ ᠮᠧᠬᠠᠨᠢᠭ ᠤᠨ ᠳᠠᠭᠤᠨ ᠨᠢᠵᠢᠭᠢᠨᠡᠵᠦ᠂ ᠬᠥᠷ ᠬᠥᠭᠵᠢᠶᠡᠨ ᠲᠠᠢ ᠶᠠᠭᠠᠷᠠᠯᠲᠠᠶ ᠪᠠᠶᠢᠳᠠᠯ ᠢᠯᠡᠷᠡᠪᠡ᠃
W020240419588970323330.jpg
    4 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠠᠵᠢᠯ ᠢᠶᠠᠨ ᠰᠡᠷᠭᠦᠭᠡᠭᠰᠡᠨ ᠠᠴᠠ ᠨᠠᠭᠠᠰᠢ᠂ ᠲᠣᠰ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠢ ᠨᠡᠶᠢᠲᠡ 60 ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ᠂ 317 ᠪᠠᠷᠢᠯᠭ᠎ᠠ ᠶᠢᠨ ᠠᠵᠢᠯᠲᠠᠨ᠂ ᠡᠯ᠎ᠡ ᠲᠥᠷᠥᠯ ᠤᠨ ᠮᠠᠰᠢᠨ ᠲᠥᠬᠦᠭᠡᠷᠦᠮᠵᠢ 154 ᠰᠠᠤᠷᠢ ᠲᠠᠯᠠᠪᠠᠢ ᠳᠤ ᠣᠷᠤᠵᠤ ᠪᠦᠬᠦ ᠱᠤᠭᠤᠮ ᠢᠶᠠᠷ ᠠᠵᠢᠯ ᠢᠶᠠᠨ ᠡᠬᠢᠯᠡᠭᠦᠯᠵᠦ᠂ ︽ᠰᠠᠶᠢᠨ ᠡᠬᠢᠯᠡᠯᠲᠡ︾᠎ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠪᠡ᠃    ᠮᠤᠵᠢ ᠶᠢᠨ ᠵᠠᠮ ᠤᠨ 504 ᠱᠤᠭᠤᠮ ᠤᠨ ᠲᠠᠪᠢᠨᠭᠡᠷ ᠠᠴᠠ ᠯᠢᠨᠰᠢ ᠬᠦᠷᠬᠦ ᠬᠡᠰᠡᠭ ᠤᠨ ᠵᠠᠰᠠᠮᠠᠯ ᠵᠠᠮ ᠤᠨ ᠪᠦᠬᠦ ᠤᠷᠲᠤ ᠨᠢ 75.5 ᠺᠢᠯᠦᠮᠧᠲᠷ ᠪᠠᠶᠢᠵᠤ᠂ ᠪᠦᠬᠦ ᠵᠠᠮ ᠳᠡᠭᠡᠷ᠎ᠡ 7 ᠲᠣᠮᠣ ᠬᠥᠭᠦᠷᠭᠡ᠂ 8 ᠳᠤᠮᠳᠠ ᠬᠥᠭᠦᠷᠭᠡ᠂ 19 ᠪᠠᠭ᠎ᠠ ᠬᠥᠭᠦᠷᠭᠡ᠂ ᠨᠢᠭᠡ 79 ᠮᠧᠲᠷ ᠤᠨ ᠬᠥᠭᠦᠷᠭᠡ ᠪᠠᠶᠢᠭᠤᠯᠤᠨ᠎ᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 6.78 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ 3.41 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2024 ᠣᠨ ᠳᠤ 2.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ ᠵᠠᠮ ᠤᠨ ᠰᠠᠭᠤᠷᠢ ᠶᠢᠨ ᠢᠨᠵᠧᠨᠧᠷᠢᠩ᠂ ᠬᠥᠭᠦᠷᠭᠡ ᠶᠢᠨ ᠭᠤᠯᠳᠤᠩ ᠠᠭᠤᠶ ᠶᠢᠨ ᠢᠨᠵᠧᠨᠧᠷᠢᠩ ᠵᠢᠴᠢ 70%᠎ ᠶᠢᠨ ᠵᠠᠮ ᠤᠨ ᠭᠠᠳᠠᠷᠭᠤ ᠶᠢᠨ ᠢᠨᠵᠧᠨᠧᠷᠢᠩ ᠢ ᠪᠡᠶᠡᠯᠡᠭᠦᠯᠦᠨ᠎ᠡ᠃    ᠲᠣᠰ ᠲᠥᠷᠥᠯ ᠵᠦᠢᠯ ᠨᠢ 2024 ᠣᠨ ᠤ 11 ᠳ᠋ᠦ᠋ᠭᠡᠷ ᠰᠠᠷ᠎ᠠ ᠳᠤ ᠲᠡᠷᠭᠡ ᠨᠡᠪᠲᠡᠷᠡᠬᠦ ᠦᠨᠳᠦᠰᠦᠨ ᠨᠥᠬᠦᠴᠡᠯ ᠢ ᠪᠦᠷᠢᠯᠳᠦᠭᠦᠯᠵᠦ᠂ 2025 ᠣᠨ ᠤ 10 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号