ᠲᠤᠰᠬᠠᠶ ᠠᠵᠢᠯᠯᠠᠭ᠎ᠠ︕ ᠠᠳᠡ 24 ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠰᠡᠯᠪᠢᠨ ᠵᠠᠰᠠᠬᠤ ᠲᠠᠰᠤᠭ ᠲᠠᠢ ᠪᠣᠯᠣᠯ᠎ᠠ
ᠨᠡᠶᠢᠲᠡᠯᠡᠭᠰᠡᠨ ᠴᠠᠭ᠄
2024/4/25
     ᠲᠤᠰᠬᠠᠶ ᠠᠵᠢᠯᠯᠠᠭ᠎ᠠ︕     ᠣᠶᠢᠷ᠎ᠠ ᠳᠤ᠂ G210 ᠪᠦᠷᠢᠶ᠎ᠡ ᠮᠠᠩᠬ᠎ᠠ ᠦᠶᠯᠡᠴᠢᠯᠡᠭᠡᠨ ᠤ ᠲᠣᠭᠤᠷᠢᠭ ᠤᠨ 24 ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠦᠨ᠎ᠡ ᠲᠥᠯᠥᠪᠦᠷᠢ ᠥᠬᠡᠶ ᠰᠡᠯᠪᠢᠨ ᠵᠠᠰᠠᠬᠤ ᠲᠠᠰᠤᠭ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠂ ᠡᠨᠡ ᠪᠣᠯ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠦᠶᠯᠡᠴᠢᠯᠡᠭᠡᠨ ᠤ ᠲᠣᠭᠤᠷᠢᠭ ᠤᠨ ᠦᠶᠯᠡᠴᠢᠯᠡᠭᠡᠨ ᠤ ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠠᠵᠢᠯᠯᠠᠭ᠎ᠠ ᠥᠷᠨᠢᠭᠦᠯᠦᠭᠰᠡᠨ ᠪᠣᠳᠠᠲᠠᠶ ᠦᠶᠯᠡᠳᠦᠯᠭᠡ ᠶᠢᠨ ᠨᠢᠭᠡ ᠪᠣᠯᠤᠨ᠎ᠠ᠃
66.jpg
    ᠲᠣᠰ ᠰᠡᠯᠪᠢᠨ ᠵᠠᠰᠠᠬᠤ ᠲᠠᠰᠤᠭ ᠲᠤ 120L ᠬᠡᠶᠢᠯᠡᠬᠦ ᠬᠥᠭᠡᠷᠭᠡ᠂ 50 ᠲᠣᠨ ᠤ ᠦᠯᠢᠭᠦᠷ᠂ 32 ᠢᠵᠢ ᠪᠠᠭᠠᠵᠢ ᠶᠢᠨ ᠬᠠᠶᠢᠷᠴᠠᠭ᠂ ᠤᠰᠤ ᠲᠠᠲᠠᠬᠤ ᠬᠥᠭᠡᠷᠭᠡ ᠵᠡᠷᠭᠡ ᠪᠠᠭᠠᠵᠢ ᠲᠣᠬᠢᠷᠠᠭᠤᠯᠤᠭᠰᠠᠨ ᠪᠥᠭᠡᠳ ᠣᠯᠠᠨ ᠲᠡᠷᠭᠡ ᠬᠥᠰᠬᠡ ᠶᠢᠨ ᠰᠡᠯᠪᠢᠨ ᠵᠠᠰᠠᠬᠤ ᠭᠠᠵᠠᠷ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠠᠷᠢᠯᠴᠠᠬᠤ ᠠᠷᠭ᠎ᠠ ᠮᠠᠶ᠋ᠢᠭ ᠢ ᠬᠠᠩᠭᠠᠭᠰᠠᠨ ᠪᠠᠶᠢᠨ᠎ᠠ᠃      ᠠᠳᠡ ᠡᠯ᠎ᠡ ᠵᠦᠶᠯ ᠤᠨ ᠲᠡᠷᠭᠡ ᠬᠥᠰᠬᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠡᠯᠪᠢᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ 24 ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠰᠡᠯᠪᠢᠨ ᠵᠠᠰᠠᠬᠤ ᠲᠠᠰᠤᠭ ᠨᠢ ᠵᠢᠯᠣᠭᠤᠴᠢ ᠶᠢᠨ ᠠᠮᠤᠷ ᠲᠦᠪᠰᠢᠨ ᠤ ᠲᠥᠷᠥᠭᠳᠡᠯ᠂ ᠲᠠᠭᠠᠯᠠᠮᠵᠢᠲᠠᠶ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠬᠠᠮᠲᠤ ᠦᠶᠯᠡᠴᠢᠯᠡᠭᠡᠨ ᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠪᠡ᠃       ᠡᠬᠡ ᠪᠢᠴᠢᠭ ᠬᠠᠩᠭᠠᠭᠰᠠᠨ ᠨᠢ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠣᠷᠳᠣᠰ ᠎ ᠲᠠᠬᠢ ᠬᠤᠪᠢᠶᠠᠷᠢ ᠺᠣᠮᠫᠠᠨᠢ  ᠸᠧᠨ ᠬᠠᠶ ᠶᠠᠨ  ᠭᠤᠤ ᠹᠸᠠᠩ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号